ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠤ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠠᠵᠢᠯ ᠢ ᠠᠬᠢᠭᠤᠯᠬᠤ ᠬᠤᠷᠠᠯ ᠵᠢᠴᠢ ᠮᠡᠷᠭᠡᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/19
   8 ᠰᠠᠷ᠎ᠠ ᠶᠢᠨ 14 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠦᠬᠦ ᠬᠤᠰᠢᠭᠤᠨ ᠤ ᠲᠠᠷᠢᠶᠠᠨ ᠭᠠᠵᠠᠷ ᠢ ᠡᠭᠡᠯᠵᠢᠯᠡᠨ ᠲᠠᠷᠢᠬᠤ ᠠᠵᠢᠯ ᠵᠢᠴᠢ ᠮᠡᠷᠭᠡᠵᠢᠯ ᠤᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠷᠠᠯ ᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠰᠢᠶᠣᠤ ᠱᠧᠩ ᠡᠷᠬᠢᠯᠡᠵᠦ᠂ ᠪᠦᠬᠦ ᠬᠤᠰᠢᠭᠤᠨ ᠤ 12 ᠰᠤᠮᠤ ᠪᠠᠯᠭᠠᠰᠤ᠂ ᠤᠯᠤᠰ ᠤᠨ ᠥᠮᠴᠢᠯᠡᠯᠲᠦ ᠲᠠᠷᠢᠶᠠᠯᠠᠩ ᠮᠠᠯ ᠠᠵᠤ ᠠᠬᠤᠢ ᠣᠢ ᠰᠢᠭᠤᠢ ᠶᠢᠨ ᠲᠠᠯᠠᠪᠠᠢ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠲᠤᠬᠠᠶᠢᠯᠠᠭᠰᠠᠨ ᠠᠵᠢᠯ ᠤᠨ ᠠᠵᠢᠯᠲᠠᠨ᠂ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠲᠠᠷᠢᠮᠠᠯ ᠤᠨ ᠦᠢᠯᠡᠰ ᠤᠨ ᠲᠠᠰᠤᠭ᠂ ᠠᠮᠤ ᠪᠤᠳᠠᠭ᠎ᠠ ᠨᠥᠬᠦᠪᠥᠷᠢᠯᠡᠬᠦ ᠠᠯᠪᠠᠨ ᠭᠡᠷ ᠤᠨ 30 ᠭᠠᠷᠤᠢ ᠠᠵᠢᠯᠲᠠᠨ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠰᠤᠮᠤ ᠪᠠᠯᠭᠠᠰᠤ᠂ ᠭᠠᠴᠠᠭᠠᠨ ᠤ ᠡᠯ᠎ᠡ ᠱᠠᠲᠤᠨ ᠤ ᠨᠥᠬᠦᠪᠥᠷᠢ ᠶᠢ ᠬᠢᠨᠠᠨ ᠬᠠᠮᠢᠶᠠᠷᠬᠤ ᠬᠠᠷᠢᠭᠤᠴᠠᠯᠭ᠎ᠠ᠂ ᠭᠤᠶᠤᠴᠢᠯᠠᠨ ᠮᠡᠳᠡᠭᠦᠯᠬᠦ ᠶᠠᠪᠤᠴᠠ ᠶᠢᠨ ᠵᠢᠷᠤᠮᠵᠢᠯᠳᠤ ᠴᠢᠨᠠᠷ᠂ ᠵᠠᠷᠯᠠᠨ ᠨᠡᠶᠢᠲᠡᠯᠡᠬᠦ ᠭᠤᠭᠴᠤᠭ᠎ᠠ ᠶᠢᠨ ᠢᠯᠡ ᠴᠢᠨᠠᠷ ᠪᠠ ᠠᠩᠬᠠᠷᠬᠤ ᠵᠦᠢᠯᠡᠰ ᠢ ᠴᠢᠬᠤᠯᠠᠴᠢᠯᠠᠵᠤ᠂ 2024 ᠣᠨ ᠤ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠰᠢᠭᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠠᠵᠢᠯᠲᠠᠳ 2024 ᠣᠨ ᠤ ᠲᠠᠷᠢᠶᠠᠨ ᠭᠠᠵᠠᠷ ᠢ ᠡᠭᠡᠯᠵᠢᠯᠡᠨ ᠲᠠᠷᠢᠬᠤ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠵᠦ᠂ ᠰᠢᠷ᠎ᠠ ᠪᠤᠷᠴᠠᠭ᠂ ᠲᠣᠰᠣᠯᠢᠭ ᠲᠠᠷᠢᠮᠠᠯ ᠤᠨ ᠲᠠᠯᠠᠪᠠᠢ ᠶᠢ ᠲᠣᠭᠲᠠᠪᠤᠷᠢᠵᠢᠭᠤᠯᠬᠤ ᠪᠠᠷ ᠭᠤᠣᠯ ᠪᠣᠯᠭᠠᠬᠤ ᠶᠢᠨ ᠬᠠᠮᠲᠤ᠂ ︽ᠨᠢᠭᠡ ᠭᠤᠣᠯ ᠣᠯᠠᠨ ᠲᠤᠰᠠᠯᠠᠬᠤ︾ ᠮᠡᠷᠭᠡᠵᠢᠯ ᠤᠨ ᠠᠷᠭ᠎ᠠ ᠵᠠᠮ᠂ ᠨᠥᠬᠦᠪᠥᠷᠢ ᠶᠢᠨ ᠪᠠᠷᠢᠮᠵᠢᠶ᠎ᠠ᠂ ᠡᠲᠡᠭᠡᠳ ᠪᠠ ᠬᠡᠪᠴᠢᠶ᠎ᠡ᠂ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠵᠡᠷᠭᠡ ᠲᠠᠯ᠎ᠠ ᠪᠠᠷ ᠨᠠᠷᠢᠨ ᠲᠣᠳᠣᠷᠬᠠᠶᠢᠯᠠᠯᠲᠠ ᠬᠢᠪᠡ᠃    ᠬᠤᠷᠠᠯ ᠠᠴᠠ ᠡᠯ᠎ᠡ ᠰᠤᠮᠤ ᠪᠠᠯᠭᠠᠰᠤ 2024 ᠣᠨ ᠤ ᠲᠠᠷᠢᠶᠠᠨ ᠭᠠᠵᠠᠷ ᠢ ᠡᠭᠡᠯᠵᠢᠯᠡᠨ ᠲᠠᠷᠢᠬᠤ ᠠᠵᠢᠯ ᠢ ᠴᠠᠭ ᠲᠤᠬᠠᠢ ᠳᠤᠨᠢ ᠲᠣᠬᠢᠷᠠᠭᠤᠯᠤᠨ ᠪᠠᠶᠢᠷᠢᠯᠠᠭᠤᠯᠵᠤ᠂ ᠡᠭᠡᠯᠵᠢᠯᠡᠨ ᠲᠠᠷᠢᠬᠤ ᠡᠭᠦᠷᠭᠡ ᠶᠢ ᠱᠠᠲᠤ ᠱᠠᠲᠤ ᠪᠠᠷ ᠵᠠᠳᠠᠯᠤᠨ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭᠠᠷᠠᠭᠤᠯᠤᠨ᠂ ᠲᠠᠷᠬᠠᠭᠠᠬᠤ ᠠᠵᠢᠯᠯᠠᠭ᠎ᠠ ᠶᠢ ᠵᠢᠷᠤᠮᠵᠢᠭᠤᠯᠵᠤ᠂ ᠠᠵᠢᠯ ᠤᠨ ᠴᠤᠪᠤᠷᠠᠯ ᠢ ᠰᠢᠯᠢᠳᠡᠭᠵᠢᠭᠦᠯᠦᠨ᠂ ᠠᠵᠢᠯ ᠤᠨ ᠡᠭᠦᠷᠭᠡ ᠶᠢ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠢᠭ ᠢᠶᠠᠷ ᠠᠬᠢᠭᠤᠯᠬᠤ ᠶᠢ ᠪᠠᠲᠤᠯᠠᠵᠤ᠂ ᠪᠦᠬᠦ ᠬᠤᠰᠢᠭᠤᠨ ᠤ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠡᠭᠦᠷᠭᠡ ᠶᠢ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号