ᠬᠤᠷᠴᠢᠨ ᠪᠠᠷᠠᠭᠤᠨ  ᠭᠠᠷᠤᠨ ᠳᠤᠮᠳᠠᠳᠤ ᠬᠤᠰᠢᠭᠤ ᠰᠣᠶᠣᠯ ᠤᠨ ᠶᠡᠭᠡ ᠴᠤᠭᠯᠠᠷᠠᠯ ᠤᠨ ᠠᠵᠢᠯᠯᠠᠭ᠎ᠠ ᠶᠢ ᠡᠷᠬᠢᠯᠡᠪᠡ
ᠨᠡᠶᠢᠲᠡᠯᠡᠭᠰᠡᠨ ᠴᠠᠭ᠄
2024/8/19
    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠬᠠᠮᠲᠤᠷᠠᠯᠴᠠᠭ᠎ᠠ ᠶᠢ ᠴᠢᠩᠭᠠᠳᠬᠠᠬᠤ ᠶᠢᠨ ᠲᠥᠯᠥᠭᠡ᠂ 8 ᠰᠠᠷ᠎ᠠ ᠶᠢᠨ 16 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠲᠠᠢ ᠬᠠᠮᠲᠤᠷᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠶᠡᠬᠡᠰᠦ᠋ᠮ᠎ᠡ ᠶᠢᠨ ᠨᠡᠶᠢᠭᠡᠮ ᠲᠣᠭᠤᠷᠢᠭ ᠲᠠᠢ ᠬᠠᠮᠲᠤᠷᠠᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠭᠤᠳᠠᠮ ᠲᠠᠯᠠᠪᠠᠢ ᠳᠤ ᠶᠢᠰᠦᠳᠦᠭᠡᠷ ᠲᠠᠯᠠᠪᠤᠷ ᠤᠮᠠᠷᠠᠲᠤ ᠬᠢᠯᠢ ᠶᠢᠨ ᠰᠣᠶᠣᠯ ᠢᠶᠠᠷ ᠤᠮᠳᠠᠯᠠᠬᠤ ᠭᠡᠷ ᠣᠷᠣᠨ ᠵᠢᠴᠢ ᠠᠨᠠᠷ ᠤᠨ ᠦᠷ᠎ᠡ ᠶᠢᠨ ᠬᠥᠷᠰᠢ ᠵᠡᠷᠭᠡᠯᠡᠳᠡᠭᠡ ᠶᠢᠨ ᠰᠣᠶᠣᠯ ᠤᠨ ᠶᠡᠭᠡ ᠴᠤᠭᠯᠠᠷᠠᠯ ᠤᠨ ᠠᠵᠢᠯᠯᠠᠭ᠎ᠠ ᠶᠢ ᠡᠷᠬᠢᠯᠡᠪᠡ᠃    ᠲᠤᠰ ᠤᠳᠠᠭᠠᠨ ᠤ ᠠᠵᠢᠯᠯᠠᠭ᠎ᠠ ᠶᠢᠨ ᠠᠭᠤᠯᠭ᠎ᠠ ᠨᠢ ᠡᠯᠪᠡᠭ ᠪᠠᠶᠠᠯᠢᠭ ᠪᠥᠭᠡᠳ ᠣᠯᠠᠨ ᠶᠠᠩᠵᠤ ᠶᠢᠨ ᠪᠠᠶᠢᠵᠤ᠂ ᠭᠤᠶᠢᠳᠠ ᠰᠠᠶᠢᠬᠠᠨ ᠪᠠᠶᠢᠨ᠎ᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠭᠤᠳᠠᠮ ᠲᠠᠯᠠᠪᠠᠢ ᠳᠤ᠂ ᠡᠭᠦᠳᠡᠨ ᠪᠥᠮᠪᠦᠭᠡ᠂ ᠲᠣᠣᠷ ᠪᠥᠮᠪᠦᠭᠡ᠂ ᠫᠢᠩᠫᠠᠩ ᠪᠥᠮᠪᠦᠭᠡ᠂ ᠬᠠᠷ᠎ᠠ ᠫᠠᠢ ︵ᠰᠤᠷ ᠬᠠᠷᠪᠤᠬᠤ︶ ᠵᠡᠷᠭᠡ ᠲᠥᠷᠥᠯ ᠵᠦᠢᠯ ᠤᠨ ᠥᠷᠢᠰᠥᠯᠳᠦᠭᠡᠨ ᠬᠤᠷᠴᠠ ᠰᠢᠷᠦᠭᠦᠨ ᠪᠠᠶᠢᠵᠤ᠂ ᠲᠠᠮᠢᠷᠴᠢᠳ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠡᠷᠡᠯᠬᠡᠭᠯᠡᠨ ᠲᠡᠮᠡᠴᠡᠵᠦ᠂ ᠥᠨᠳᠥᠷ ᠤᠷ᠎ᠠ ᠮᠡᠷᠭᠡᠵᠢᠯ ᠪᠠ ᠬᠠᠳᠠᠨ ᠵᠣᠷᠢᠭ ᠢ ᠢᠯᠡᠷᠡᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠠᠯᠠᠭᠤᠨ ᠰᠡᠳᠬᠢᠯᠭᠡ ᠶᠢ ᠬᠥᠭᠵᠢᠭᠡᠪᠡ᠃ ᠤᠷᠤᠯᠳᠤᠭᠠᠨ ᠳᠠᠭᠤᠰᠤᠭᠰᠠᠨ ᠤ ᠳᠠᠷᠠᠭ᠎ᠠ᠂ ᠱᠠᠩᠨᠠᠯ ᠬᠦᠷᠲᠡᠭᠰᠡᠳ ᠲᠤ ᠱᠠᠩᠨᠠᠯ ᠣᠯᠭᠤᠬᠤ ᠶᠣᠰᠣᠯᠠᠯ ᠶᠠᠪᠤᠭᠤᠯᠵᠤ᠂ ᠲᠡᠳᠡᠨ ᠤ ᠭᠠᠷᠮᠠᠭᠠᠢ ᠢᠯᠡᠷᠡᠯ ᠢ ᠨᠢ ᠬᠥᠬᠢᠭᠦᠯᠦᠨ ᠰᠠᠶᠢᠰᠢᠶᠠᠪᠠ᠃  ᠤᠷᠤᠯᠳᠤᠭᠠᠨ ᠳᠤ ᠣᠷᠣᠯᠴᠠᠭᠰᠠᠨ ᠵᠠᠯᠠᠭᠤᠴᠤᠳ ᠪᠠᠭᠠᠴᠤᠳ ᠭᠤᠶᠤᠬᠠᠨ ᠬᠡᠯᠡᠭᠰᠡᠨ ᠨᠢ᠄ ︽ᠡᠨᠡ ᠤᠳᠠᠭᠠᠨ ᠤ ᠰᠣᠶᠣᠯ ᠤᠨ ᠶᠡᠭᠡ ᠴᠤᠭᠯᠠᠭᠠᠨ ᠤ ᠠᠵᠢᠯᠯᠠᠭ᠎ᠠ ᠨᠢ ᠮᠢᠨᠦ ᠬᠦᠷᠢᠶᠡᠯᠡᠯ ᠢ ᠣᠯᠪᠠ᠃ ᠪᠢ ᠫᠢᠩᠫᠠᠩ ᠪᠥᠮᠪᠦᠭᠡ ᠶᠢᠨ ᠤᠷᠤᠯᠳᠤᠭᠠᠨ ᠳᠤ ᠣᠷᠣᠯᠴᠠᠵᠤ᠂ ᠤᠷᠤᠯᠳᠤᠭᠠᠨ ᠤ ᠲᠠᠯᠠᠪᠤᠷ ᠲᠤ ᠡᠰᠡᠷᠭᠦ ᠡᠲᠡᠭᠡᠳ ᠲᠠᠢ ᠪᠠᠨ ᠬᠠᠮᠲᠤ ᠤᠷᠤᠯᠳᠤᠵᠤ ᠪᠠᠶᠢᠬᠤ ᠨᠢ ᠲᠣᠩ ᠭᠤᠶᠣ᠂ ᠪᠡᠶ᠎ᠡ ᠪᠠᠨ ᠪᠣᠯᠪᠠᠰᠤᠷᠠᠭᠤᠯᠬᠤ ᠪᠠᠷ ᠪᠠᠷᠠᠬᠤ ᠦᠭᠡᠢ ᠪᠠᠰᠠ ᠰᠢᠨ᠎ᠡ ᠪᠢᠴᠢᠬᠠᠨ ᠬᠠᠨᠢ ᠪᠠᠨ ᠲᠠᠨᠢᠵᠤ᠂ ᠪᠠᠰᠠ ᠮᠢᠨᠦ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢᠶᠠᠨ ᠪᠠᠶᠠᠯᠢᠭᠵᠢᠭᠤᠯᠵᠠᠢ᠃    ᠲᠤᠰ ᠤᠳᠠᠭᠠᠨ ᠤ ᠠᠵᠢᠯᠯᠠᠭ᠎ᠠ ᠳᠤ ᠪᠠᠰᠠ ᠠᠵᠢᠯ ᠣᠯᠭᠤᠬᠤ ᠴᠤᠭᠯᠠᠭᠠᠨ ᠢ ᠵᠣᠬᠢᠶᠠᠨ ᠪᠠᠶᠢᠭᠤᠯᠵᠤ᠂ ᠲᠤᠬᠠᠢ ᠶᠢᠨ ᠲᠠᠯᠠᠪᠤᠷ ᠲᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠥᠷᠭᠡᠨ ᠠᠭᠤᠳᠠᠮ ᠠᠵᠢᠯ ᠣᠯᠭᠤᠬᠤ ᠲᠣᠬᠢᠶᠠᠯ ᠪᠠ ᠠᠵᠢᠯ ᠮᠡᠷᠭᠡᠵᠢᠯ ᠤᠨ ᠬᠥᠭᠵᠢᠯᠲᠡ ᠶᠢᠨ ᠲᠠᠪᠴᠠᠩ ᠬᠠᠩᠭᠠᠵᠤ᠂ ᠢᠯᠠᠩᠭᠤᠶ᠎ᠠ ᠵᠠᠯᠠᠭᠤᠴᠤᠳ ᠤᠨ ᠠᠵᠢᠯ ᠣᠯᠭᠤᠯᠲᠠ ᠶᠢᠨ ᠰᠣᠩᠭᠤᠯᠲᠠ ᠬᠠᠩᠭᠠᠪᠠ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠣᠷᠣᠨ ᠳᠤ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ︽ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ᠶᠢ ᠵᠣᠬᠢᠶᠠᠨ ᠪᠠᠶᠢᠭᠤᠯᠤᠨ ᠤᠬᠠᠭᠤᠯᠵᠤ᠂ ᠡᠮᠡᠭᠲᠡᠶᠢᠴᠦᠳ ᠬᠡᠦᠬᠡᠳ ᠤᠨ ᠬᠠᠤᠯᠢ ᠪᠠᠷ ᠵᠠᠰᠠᠬᠤ ᠤᠬᠠᠮᠰᠠᠷ ᠪᠠ ᠡᠷᠬᠡ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠢᠭᠦᠯᠡᠰᠦᠩᠭᠦᠢ ᠶᠢᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠷᠢᠨ ᠲᠠᠨᠢᠯᠴᠠᠭᠤᠯᠵᠤ᠂ ᠵᠠᠰᠠᠭ ᠤᠨ ᠣᠷᠳᠣᠨ ᠤ ᠠᠪᠤᠷᠠᠨ ᠲᠤᠰᠠᠯᠠᠬᠤ ᠪᠠ ᠨᠡᠶᠢᠭᠡᠮ ᠤᠨ ᠡᠬᠢ ᠪᠠᠶᠠᠯᠢᠭ ᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠪᠠ᠃    ᠰᠥᠨᠢ ᠣᠶᠢᠷᠠᠳᠴᠤ᠂ ᠬᠥᠷᠰᠢ ᠵᠡᠷᠭᠡᠯᠡᠳᠡᠭᠡ ᠶᠢᠨ ᠪᠡᠯᠡᠳᠬᠡᠯ ᠠᠪᠳᠠᠷ᠎ᠠ ᠶᠢᠨ ᠴᠤᠭᠯᠠᠭ᠎ᠠ ᠮᠠᠶᠢᠮᠠᠢ ᠬᠥᠷ ᠬᠥᠭᠵᠢᠶᠡᠨ ᠲᠠᠢ ᠪᠣᠯᠵᠤ᠂ ᠡᠨᠡ ᠨᠢ ᠪᠠᠰᠠ ᠲᠤᠬᠠᠢ ᠶᠢᠨ ᠭᠠᠵᠠᠷ ᠤᠨ ᠠᠵᠤ ᠠᠬᠤᠢ ᠶᠢ ᠳᠠᠶᠢᠴᠢᠯᠠᠬᠤ ᠨᠢᠭᠡᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠪᠣᠯᠤᠭᠰᠠᠨ ᠪᠠᠶᠢᠨ᠎ᠠ᠃ ᠰᠠᠭᠤᠭᠠᠯᠢ ᠠᠷᠠᠳ ᠰᠤᠯᠠ ᠰᠡᠯᠡᠭᠦᠦ ᠴᠠᠭ ᠲᠤ ᠢᠳᠡᠪᠬᠢᠲᠡᠢ ᠣᠷᠣᠯᠴᠠᠵᠤ᠂ ᠳᠡᠯᠭᠡᠨ ᠦᠵᠡᠭᠦᠯᠵᠦ ᠪᠠᠷᠠᠭ᠎ᠠ ᠬᠤᠳᠠᠯᠳᠤᠬᠤ ᠨᠢ ᠣᠷᠣᠯᠭ᠎ᠠ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠤᠭᠰᠠᠨ ᠪᠠᠶᠢᠨ᠎ᠠ᠃    ︽ᠪᠢ ᠪᠡᠯᠡᠳᠬᠡᠯ ᠠᠪᠳᠠᠷ᠎ᠠ ᠶᠢᠨ ᠴᠤᠭᠯᠠᠭ᠎ᠠ ᠮᠠᠶᠢᠮᠠᠢ ᠳᠤ ᠣᠷᠣᠯᠴᠠᠬᠤ ᠳᠤ᠂ ᠡᠩ ᠤᠨ ᠴᠠᠭ ᠲᠤ ᠨᠠᠷᠢᠨ ᠨᠢᠮᠪᠠᠢ ᠬᠢᠭᠰᠡᠨ ᠭᠠᠷ ᠤᠷᠠᠯᠠᠯ ᠤᠨ ᠪᠦᠲᠦᠭᠡᠭᠳᠡᠬᠦᠨ ᠢᠶᠠᠨ ᠳᠡᠯᠭᠡᠨ ᠦᠵᠡᠭᠦᠯᠵᠦ᠂ ᠠᠳᠠᠯᠢᠬᠠᠨ ᠳᠤᠷᠠᠲᠠᠢ ᠨᠠᠶᠢᠵᠠ ᠨᠠᠷ ᠲᠠᠢ ᠪᠠᠨ ᠬᠤᠪᠢᠶᠠᠯᠴᠠᠵᠤ ᠪᠠᠶᠢᠨ᠎ᠠ᠃ ᠡᠨᠡ ᠵᠢᠵᠢᠭᠬᠡᠨ ᠪᠡᠯᠡᠳᠬᠡᠯ ᠠᠪᠳᠠᠷ᠎ᠠ ᠪᠠᠷ ᠳᠠᠮᠵᠢᠭᠤᠯᠤᠨ᠂ ᠡᠨᠡ ᠬᠦ ᠰᠠᠶᠢᠨ ᠰᠠᠶᠢᠬᠠᠨ ᠢ ᠨᠡᠩ ᠣᠯᠠᠨ ᠬᠥᠮᠦᠨ ᠳᠤ ᠳᠠᠮᠵᠢᠭᠤᠯᠵᠤ ᠥᠭᠭᠦᠨ᠎ᠡ︾ ᠬᠡᠵᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠠᠨ ᠠᠭᠤᠯᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠦᠩ ᠢᠦᠢ ᠴᠧᠩ ᠬᠡᠯᠡᠪᠡ᠃    ︽ᠲᠤᠰ ᠤᠳᠠᠭᠠᠨ ᠤ ᠠᠵᠢᠯᠯᠠᠭ᠎ᠠ ᠶᠢᠨ ᠠᠭᠤᠯᠭ᠎ᠠ ᠮᠠᠰᠢ ᠪᠠᠶᠠᠯᠢᠭ ᠪᠠᠶᠢᠵᠤ᠂ ᠪᠢᠳᠡ ᠣᠯᠠᠨ ᠵᠦᠢᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ᠂ ᠳᠠᠭᠤᠤ ᠬᠥᠭᠵᠢᠮ ᠤᠨ ᠨᠠᠶᠢᠷ ᠡᠷᠬᠢᠯᠡᠵᠦ᠂ ᠪᠠᠰᠠ ᠪᠡᠯᠡᠳᠬᠡᠯ ᠠᠪᠳᠠᠷ᠎ᠠ ᠶᠢᠨ ᠴᠤᠭᠯᠠᠭ᠎ᠠ ᠮᠠᠶᠢᠮᠠᠢ᠂ ᠡᠶᠢᠮᠦᠷᠬᠦ ᠬᠥᠳᠡᠯᠭᠡᠭᠡᠨ ᠢᠶᠠᠷ ᠳᠠᠮᠵᠢᠭᠤᠯᠤᠨ ᠬᠥᠷᠰᠢ ᠵᠡᠷᠭᠡᠯᠡᠳᠡᠭᠡ ᠶᠢᠨ ᠡᠶ᠎ᠡ ᠵᠣᠬᠢᠴᠠᠯ ᠪᠠ ᠦᠨᠳᠦᠰᠦᠲᠡᠨ ᠤ ᠪᠦᠯᠬᠦᠮᠳᠡᠯ ᠢ ᠪᠦᠲᠦᠮᠵᠢᠲᠡᠢ ᠠᠬᠢᠭᠤᠯᠪᠠ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠴᠤ ᠬᠠᠯᠠᠭᠤᠨ ᠢᠶᠠᠷ ᠣᠷᠣᠯᠴᠠᠵᠤ ᠪᠠᠶᠢᠨ᠎ᠠ᠃ ᠳᠠᠷᠠᠭᠠᠴᠢ ᠶᠢᠨ ᠠᠯᠬᠤᠮ ᠳᠤ ᠪᠢᠳᠡ ᠡᠶᠢᠮᠦᠷᠬᠦ ᠣᠯᠠᠨ ᠶᠠᠩᠵᠤ ᠶᠢᠨ ᠠᠵᠢᠯᠯᠠᠭ᠎ᠠ ᠶᠢ ᠦᠷᠭᠦᠯᠵᠢᠯᠡᠨ ᠡᠷᠬᠢᠯᠡᠵᠦ᠂ ᠡᠶ᠎ᠡ ᠵᠣᠬᠢᠴᠠᠯ ᠲᠠᠢ ᠬᠠᠮᠲᠤ ᠪᠠᠷ ᠤᠷᠤᠭᠰᠢᠯᠠᠭᠰᠠᠨ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠢ ᠬᠠᠮᠲᠤ ᠪᠠᠷ ᠪᠠᠶᠢᠭᠤᠯᠤᠨ᠎ᠠ︾ ᠬᠡᠵᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠶᠡᠬᠡᠰᠦᠮ᠎ᠡ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠡᠷᠬᠢᠯᠡᠭᠴᠢ ᠶᠠᠩ ᠰᠢᠦᠸᠡᠢ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号