ᠨᠢᠭᠡ᠂ ᠮᠡᠷᠭᠡᠵᠢᠯ ᠤᠨ ᠳᠠᠪᠠᠭᠤᠯᠢᠭ ᠨᠡᠷᠡᠨ ᠬᠤᠸᠠᠷ ᠤᠨ ᠲᠠᠪᠠᠭ ᠢ ᠬᠠᠳᠬᠤᠵᠤ ᠬᠠᠲᠠᠭᠠᠬᠤ ᠮᠡᠷᠭᠡᠵᠢᠯ ᠪᠣᠯ | ᠣᠭᠲᠣᠯᠵᠤ ᠠᠪᠤᠭᠰᠠᠨ ᠨᠡᠷᠡᠨ ᠬᠤᠸᠠᠷ ᠤᠨ ᠲᠠᠪᠠᠭ ᠢᠶᠠᠨ ᠡᠰᠢᠨ ᠳᠡᠭᠡᠷ᠎ᠡ ᠬᠠᠳᠬᠤᠵᠤ᠂ ᠨᠡᠷᠡᠨ ᠤ ᠭᠡᠷᠡᠯ ᠳᠣᠣᠷ᠎ᠠ | ᠬᠠᠲᠠᠭᠠᠬᠤ ᠨᠢᠭᠡ ᠵᠦᠢᠯ ᠤᠨ ᠬᠡᠷᠡᠭᠯᠡᠭᠡᠨ ᠤ ᠮᠡᠷᠭᠡᠵᠢᠯ ᠪᠣᠯᠣᠨ᠎ᠠ᠃ ᠲᠣᠰ ᠮᠡᠷᠭᠡᠵᠢᠯ ᠤᠨ ᠬᠠᠲᠠᠭᠠᠬᠤ ᠠᠰᠢᠭᠯᠠᠮᠵᠢ ᠨᠢ | ᠥᠨᠳᠥᠷ᠂ ᠬᠠᠲᠠᠭᠠᠬᠤ ᠦᠷ᠎ᠡ ᠪᠦᠲᠦᠭᠡᠯ ᠨᠢ ᠰᠠᠶᠢᠨ᠂ ᠥᠪᠡᠷ ᠤᠨ ᠥᠷᠲᠡᠭ ᠢ ᠨᠢ ᠪᠠᠭᠤᠷᠠᠭᠤᠯᠵᠤ ᠴᠢᠳᠠᠬᠤ | ᠮᠥᠷᠲᠡᠭᠡᠨ ᠴᠢᠨᠠᠷ ᠴᠢᠨᠰᠠᠭ᠎ᠠ ᠶᠢ ᠨᠢ ᠬᠠᠮᠠᠭᠠᠯᠠᠵᠤ ᠴᠢᠳᠠᠬᠤ ᠶᠢᠨ ᠬᠠᠮᠲᠤ ᠬᠡᠷᠡᠭᠯᠡᠬᠦ ᠳᠤ ᠲᠥᠬᠦᠮ ᠪᠣᠯᠬᠤᠷ | ᠳᠡᠯᠭᠡᠷᠡᠭᠦᠯᠦᠨ ᠬᠡᠷᠡᠭᠯᠡᠵᠦ ᠪᠣᠯᠣᠨ᠎ᠠ᠃ ᠬᠤᠶᠠᠷ᠂ ᠲᠠᠪᠠᠭ ᠢ ᠬᠠᠳᠬᠤᠬᠤ ᠬᠤᠭᠤᠴᠠᠭ᠎ᠠ ᠢᠳᠡᠰᠢᠨ ᠤ ᠨᠡᠷᠡᠨ | ᠬᠤᠸᠠᠷ ᠤᠨ ᠲᠠᠪᠠᠭ ᠤᠨ ᠠᠷᠤ ᠲᠠᠯ᠎ᠠ ᠨᠢ ᠰᠢᠷᠠᠯᠠᠵᠤ᠂ ᠴᠡᠴᠡᠭ ᠤᠨ ᠲᠠᠪᠠᠭ ᠤᠨ ᠬᠥᠪᠡᠭᠡ ᠨᠢ ᠵᠢᠭᠠᠬᠠᠨ ᠨᠣᠭᠤᠭᠠᠨ᠂ | ᠬᠡᠯᠡ ᠬᠡᠯᠪᠡᠷᠢᠲᠦ ᠴᠡᠴᠡᠭ ᠤᠨ ᠬᠡᠯᠲᠡᠰ ᠨᠢ ᠦᠬᠦᠰᠢᠷᠡᠨ ᠬᠤᠪᠠᠭ᠋ᠠᠶᠢᠷᠠᠬᠤ ᠪᠤᠶᠤ ᠬᠠᠳᠠᠵᠤ᠂ ᠪᠠᠭᠯᠠᠭᠴᠢ ᠨᠠᠪᠴᠢ ᠨᠢ | ᠰᠢᠷᠠᠯᠠᠵᠤ᠂ ᠨᠠᠪᠴᠢᠨ ᠢᠯᠳᠠᠰᠤ ᠨᠢ ᠰᠢᠷᠠᠯᠠᠨ ᠨᠣᠭᠤᠭᠠᠷᠠᠬᠤ ᠪᠤᠶᠤ ᠰᠢᠷᠠᠯᠠᠨ ᠤᠨᠵᠢᠢᠵᠤ᠂ ᠵᠢᠮᠢᠰ ᠤᠨ ᠬᠠᠯᠢᠰᠤ ᠨᠢ | ᠬᠠᠲᠠᠭᠤ ᠪᠣᠯᠪᠠᠯ ᠳᠠᠷᠤᠢ ᠲᠠᠪᠠᠭ ᠢ ᠨᠢ ᠬᠠᠳᠬᠤᠨ ᠬᠠᠳᠠᠭᠠᠵᠤ ᠪᠣᠯᠤᠨ᠎ᠠ᠃ ᠭᠤᠷᠪᠠ᠂ ᠠᠵᠢᠯᠯᠠᠬᠤ ᠠᠷᠭ᠎ᠠ ︽ | ᠬᠤᠶᠠᠷ ᠤᠬᠳᠤᠯᠵᠦ ᠨᠢᠭᠡ ᠬᠠᠳᠬᠤᠬᠤ︾ ᠠᠷᠭ᠎ᠠ ᠪᠠᠷ ᠲᠠᠪᠠᠭ ᠢ ᠨᠢ ᠬᠠᠳᠬᠤᠵᠤ ᠬᠠᠲᠠᠭᠠᠨ᠎ᠠ᠂ ᠪᠣᠳᠠᠲᠠᠢ ᠬᠢᠬᠦ | ᠠᠷᠭ᠎ᠠ ᠨᠢ ᠳᠣᠣᠷᠠᠬᠢ ᠮᠡᠲᠦ᠄ 1. ᠨᠢᠭᠡᠳᠦᠭᠡᠷ ᠤᠬᠳᠤᠯᠤᠯ ᠨᠢ ᠴᠡᠴᠡᠭ ᠤᠨ ᠲᠠᠪᠠᠭ ᠢ ᠣᠭᠲᠣᠯᠣᠨ ᠠᠪᠴᠤ᠂ | ᠬᠤᠶᠠᠳᠤᠭᠠᠷ ᠤᠬᠳᠤᠯᠤᠯ ᠨᠢ 80 ᠰᠠᠨᠲ᠋ᠢᠮᠧᠳ᠋ᠷ ᠣᠷᠴᠢᠮ ᠤᠨ ᠥᠨᠳᠥᠷ ᠤᠨ ᠬᠡᠮᠵᠢᠶ᠎ᠡ ᠪᠠᠷ ᠡᠰᠢ ᠶᠢ ᠨᠢ ᠲᠠᠰᠢᠭᠤ | ᠤᠬᠳᠤᠯᠵᠦ᠂ ᠲᠠᠪᠠᠭ ᠤᠨ ᠭᠠᠳᠠᠷᠭᠤ ᠶᠢ ᠡᠮᠦᠨᠡᠰᠢ ᠵᠢᠰᠢᠭᠦᠦ ᠳᠡᠭᠡᠭᠰᠢ ᠬᠠᠨᠳᠤᠭᠤᠯᠤᠨ ᠵᠣᠷᠭᠤᠵᠤ ᠲᠠᠯᠪᠢᠭᠰᠠᠨ | ᠡᠰᠢ ᠶᠢᠨ ᠳᠡᠭᠡᠷ᠎ᠡ ᠬᠠᠳᠬᠤᠵᠤ᠂ ᠴᠡᠴᠡᠭ ᠤᠨ ᠲᠠᠪᠠᠭ ᠢ ᠭᠠᠵᠠᠷ ᠤᠨ ᠭᠠᠳᠠᠷᠭᠤ ᠲᠠᠢ 45 ᠭᠷᠡᠳᠦ᠋ᠰ ᠤᠨ | ᠥᠨᠴᠥᠭ ᠲᠠᠢ ᠪᠠᠶᠢᠯᠭᠠᠨ᠎ᠠ᠃ 2. ᠴᠡᠴᠡᠭ ᠤᠨ ᠲᠠᠪᠠᠭ ᠢ ᠬᠠᠳᠬᠤᠭᠰᠠᠨ ᠤ ᠳᠠᠷᠠᠭ᠎ᠠ ᠴᠠᠭ ᠠᠭᠤᠷ ᠤᠨ ᠪᠠᠶᠢᠳᠠᠯ ᠢ | ᠦᠵᠡᠵᠦ 7~10 ᠡᠳᠦᠷ ᠨᠡᠷᠡᠨ ᠳᠤ ᠡᠭᠡᠭᠡᠵᠦ᠂ ᠮᠥᠬᠦᠯᠢᠭ ᠤᠨ ᠤᠰᠤᠨ ᠤ ᠠᠭᠤᠯᠤᠭᠳᠠᠴᠠ ᠨᠢ 15% ᠠᠴᠠ | ᠳᠣᠷᠣᠭᠰᠢ ᠪᠣᠯᠬᠤ ᠦᠶ᠎ᠡ ᠳᠤ ᠲᠠᠪᠠᠭ ᠢᠶᠠᠨ ᠬᠤᠷᠢᠶᠠᠵᠤ᠂ ᠮᠦᠯᠢᠭᠦᠨᠡ᠃ 3. ᠲᠤᠬᠠᠢ ᠶᠢᠨ ᠭᠠᠵᠠᠷ ᠤᠨ ᠪᠠᠶᠢᠳᠠᠯ ᠢ | ᠦᠨᠳᠦᠰᠦᠯᠡᠨ᠂ ᠲᠣᠮᠣ ᠬᠡᠯᠪᠡᠷᠢ ᠶᠢᠨ ᠪᠤᠶᠤ ᠵᠢᠵᠢᠭ ᠬᠡᠯᠪᠡᠷᠢ ᠶᠢᠨ ᠮᠥᠯᠢᠬᠦ ᠮᠠᠰᠢᠨ ᠢ ᠰᠣᠩᠭᠤᠨ ᠮᠥᠯᠢᠵᠦ᠂ | ᠬᠥᠮᠥᠨ ᠤ ᠬᠦᠴᠦ ᠪᠠᠷ ᠬᠠᠪᠰᠤᠷᠤᠨ ᠬᠤᠷᠢᠶᠠᠬᠤ ᠪᠠ ᠮᠠᠲ᠋ᠧᠷᠢᠶᠠᠯ ᠣᠷᠤᠭᠤᠯᠤᠨ᠎ᠠ᠃ ᠳᠥᠷᠪᠡ᠂ ᠠᠩᠬᠠᠷᠬᠤ ᠵᠦᠢᠯ | 1. ᠬᠤᠭ ᠡᠪᠡᠰᠦ ᠶᠢ ᠠᠷᠢᠯᠭᠠᠬᠤ᠃ ᠮᠥᠯᠢᠬᠦ ᠮᠠᠰᠢᠨ ᠢᠶᠠᠷ ᠠᠵᠢᠯᠯᠠᠬᠤ ᠳᠠᠭᠠᠨ ᠬᠥᠬᠡ ᠳᠡᠯᠳᠡᠦ᠂ ᠵᠠᠩᠭᠤᠤ ᠵᠡᠷᠭᠡ | ᠬᠤᠭ ᠡᠪᠡᠰᠦ ᠶᠢ ᠵᠠᠶᠢᠯᠠᠭᠤᠯᠬᠤ ᠪᠤᠶᠤ ᠠᠷᠢᠯᠭᠠᠬᠤ ᠶᠢ ᠠᠩᠬᠠᠷᠴᠤ᠂ ᠨᠡᠷᠡᠨ ᠬᠤᠸᠠᠷ ᠲᠤ ᠬᠤᠯᠢᠯᠳᠤᠨ ᠣᠷᠣᠵᠤ | ᠦᠷ᠎ᠡ ᠶᠢᠨ ᠲᠠᠸᠠᠷ ᠤᠨ ᠴᠢᠨᠠᠷ ᠴᠢᠨᠰᠠᠭ᠎ᠠ ᠶᠢ ᠨᠥᠯᠥᠭᠡᠯᠡᠬᠦ ᠠᠴᠠ ᠰᠡᠷᠭᠡᠶᠢᠯᠡᠬᠦ ᠬᠡᠷᠡᠭᠲᠡᠢ᠃ 2. ᠬᠡᠪ ᠤᠨ ᠪᠤᠰᠤ | ᠴᠡᠴᠡᠭ ᠤᠨ ᠲᠠᠪᠠᠭ᠃ ᠬᠤᠷᠢᠶᠠᠬᠤ ᠶᠠᠪᠤᠴᠠ ᠳᠤ ᠭᠠᠵᠠᠷ ᠤᠨᠠᠭᠰᠠᠨ᠂ ᠡᠪᠡᠳᠴᠢᠨ ᠤ ᠬᠤᠣᠷ ᠬᠥᠨᠥᠭᠡᠯ ᠤᠨ ᠸᠠᠯᠠᠵᠤ | ᠢᠯᠵᠢᠷᠡᠭᠰᠡᠨ ᠲᠠᠪᠠᠭ᠂ ᠬᠤᠯᠢᠮᠠᠭ ᠲᠠᠪᠠᠭ ᠢ ᠠᠷᠢᠯᠭᠠᠬᠤ ᠶᠢ ᠠᠩᠬᠠᠷᠴᠤ᠂ ᠸᠠᠯᠠᠭᠰᠠᠨ ᠦᠷ᠎ᠡ ᠪᠠ ᠣᠨᠳᠣᠣ | ᠲᠦᠷᠦᠯ ᠤᠨ ᠦᠷ᠎ᠡ ᠶᠢ ᠬᠤᠯᠢᠯᠳᠤᠭᠤᠯᠤᠨ ᠣᠷᠤᠭᠤᠯᠣᠭᠰᠠᠨ ᠠᠴᠠ ᠲᠠᠸᠠᠷ ᠤᠨ ᠴᠢᠨᠠᠷ ᠴᠢᠨᠰᠠᠭ᠎ᠠ ᠶᠢ ᠪᠠᠭᠤᠷᠠᠭᠤᠯᠤᠨ | ᠂ ᠪᠣᠷᠣᠯᠠᠭᠤᠯᠬᠤ ᠦᠨ᠎ᠡ ᠶᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠢ᠃ 3. ᠬᠤᠷᠢᠶᠠᠨ ᠠᠪᠤᠭᠰᠠᠨ ᠤ ᠳᠠᠷᠠᠭᠠᠬᠢ | ᠲᠠᠷᠢᠶᠠᠨ ᠭᠠᠵᠠᠷ ᠢ ᠴᠡᠪᠡᠷᠯᠡᠬᠦ᠃ ᠴᠡᠴᠡᠭ ᠤᠨ ᠲᠠᠪᠠᠭ ᠢ ᠬᠤᠷᠢᠶᠠᠭᠰᠠᠨ ᠤ ᠳᠠᠷᠠᠭ᠎ᠠ᠂ ᠲᠠᠷᠢᠶᠠᠨ ᠭᠠᠵᠠᠷ ᠤᠨ ᠡᠰᠢ | ᠰᠦᠷᠡᠯ ᠪᠠ ᠦᠯᠡᠳᠡᠭᠳᠡᠯ ᠪᠦᠷᠬᠦᠪᠴᠢ ᠶᠢ ᠴᠠᠭ ᠲᠤᠬᠠᠢ ᠳᠤᠨᠢ ᠴᠡᠪᠡᠷᠯᠡᠵᠦ᠂ ᠡᠪᠦᠯᠵᠢᠬᠦ ᠡᠪᠡᠳᠴᠢᠨ ᠬᠤᠷᠣᠬᠠᠢ ᠶᠢᠨ | ᠰᠠᠭᠤᠷᠢ ᠲᠤᠭ᠎ᠠ ᠶᠢ ᠳᠣᠷᠣᠭᠰᠢᠯᠠᠭᠤᠯᠬᠤ ᠬᠡᠷᠡᠭᠲᠡᠢ᠃ |