ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ  ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠥ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ ᠸᠠᠩ ᠯᠢ ᠰᠢᠶᠠ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/8/2
   8 ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠤᠷᠠᠯ ᠢ ᠡᠷᠭᠢᠯᠡᠵᠡᠢ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ ᠵᠢᠷᠭᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠣᠯᠣᠨ ᠦᠶ᠋ᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠣᠲᠣ ᠦᠶ᠎ᠡ ᠶᠢᠨ ᠬᠢᠯᠢ ᠬᠢᠵᠠᠭᠠᠷ ᠲᠠᠯᠠᠢ ᠲᠠᠩᠭᠢᠰ ᠬᠢᠭᠡᠳ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠨᠢᠭᠡᠳᠬᠡᠵᠦ᠂ ᠡᠯ᠎ᠡ ᠵᠦᠢᠯ ᠤᠨ ᠠᠵᠢᠯ ᠢ ᠰᠤᠳᠤᠯᠬᠤ ᠳᠠᠭᠠᠨ ᠴᠥᠮ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠵᠤ᠂ ᠡᠬᠡ ᠤᠯᠤᠰ ᠤᠨ ︽ᠤᠮᠠᠷᠠᠲᠤ ᠶᠡᠭᠡ ᠬᠠᠭᠠᠯᠭ᠎ᠠ︾ ᠶᠢ ᠡᠷᠡᠰ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠣᠯᠣᠨ᠎ᠠ ᠃ ᠪᠦᠭᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠷᠡᠰ ᠪᠠᠲᠤ ᠴᠣᠭᠴᠠᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠥᠭᠡᠷᠡᠴᠢᠯᠡᠯᠲᠡ ᠪᠠᠷ ᠬᠥᠳᠡᠯᠭᠡᠬᠦ ᠬᠦᠴᠦᠨ ᠪᠣᠯᠭᠠᠨ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠠᠬᠢᠭᠤᠯᠵᠤ᠂ ᠪᠣᠳᠠᠲᠤ ᠦᠢᠯᠡ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠵᠤ᠂ 200 ᠭᠠᠷᠤᠢ ᠵᠦᠢᠯ ᠤᠨ ᠡᠭᠦᠷᠭᠡ ᠶᠢᠨ ᠨᠠᠷᠢᠨ ᠲᠠᠩᠰᠠ ᠶᠢ ᠨᠠᠷᠢᠯᠢᠭᠵᠢᠭᠤᠯᠤᠨ ᠪᠦᠷᠢᠯᠳᠦᠭᠦᠯᠬᠦ ᠶᠢᠨ ᠬᠠᠮᠲᠤ ᠲᠦᠷᠦᠭᠦᠯᠡᠨ ᠤᠳᠤᠷᠢᠳᠬᠤ ᠪᠠ ᠲᠦᠷᠦᠭᠦᠯᠡᠨ ᠬᠢᠬᠦ ᠰᠠᠯᠠᠭ᠎ᠠ ᠮᠥᠴᠢᠷ ᠢ ᠵᠦᠢᠯ ᠳᠠᠷᠠᠭᠠᠯᠠᠨ ᠲᠣᠳᠣᠷᠬᠠᠶᠢᠯᠠᠵᠤ᠂ ᠵᠠᠰᠠᠭ ᠤᠨ ᠣᠷᠳᠣᠨ ᠤ ᠰᠢᠰᠲ᠋ᠧᠮ ᠢ ᠱᠠᠯᠠᠪᠳᠠᠨ ᠬᠥᠳᠡᠯᠦᠯᠴᠡᠵᠦ᠂ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠲᠠᠪᠤᠨ ᠶᠡᠭᠡ ᠡᠭᠦᠷᠭᠡ ᠶᠢ ᠠᠬᠢᠭᠤᠯᠬᠤ ᠲᠠᠢ ᠤᠶᠠᠯᠳᠤᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠪᠣᠳᠠᠲᠠᠢ ᠥᠭᠡᠷᠡᠴᠢᠯᠡᠯᠲᠡ ᠶᠢᠨ ᠵᠦᠢᠯᠡᠰ ᠢ ᠨᠠᠷᠢᠨ ᠨᠢᠮᠪᠠᠢ ᠲᠥᠰᠥᠪᠯᠡᠵᠦ᠂ ᠨᠠᠷᠢᠨ ᠬᠢᠨᠠᠮᠠᠭᠠᠢ ᠰᠤᠳᠤᠯᠵᠤ᠂ ᠨᠢᠭᠡ ᠶᠢ ᠪᠣᠯᠪᠠᠰᠤᠷᠠᠩᠭᠤᠢ ᠪᠣᠯᠭᠠᠪᠠᠯ ᠨᠢᠭᠡ ᠶᠢ ᠳᠡᠯᠭᠡᠷᠡᠭᠦᠯᠬᠦ ᠬᠡᠷᠡᠭᠲᠡᠢ᠃ ᠠᠵᠢᠯ ᠤᠨ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠵᠤ᠂ ᠡᠷᠲᠡᠬᠡᠨ ᠠᠳᠬᠤᠵᠤ ᠪᠣᠳᠠᠲᠠᠢ ᠠᠳᠬᠤᠵᠤ᠂ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠳᠣᠪᠤᠶᠢᠯᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠤᠯᠤᠰ ᠤᠨ ᠶᠠᠮᠤᠨ ᠵᠥᠪᠯᠡᠯ ᠲᠠᠢ ᠴᠠᠭ ᠲᠤᠬᠠᠢ ᠳᠤᠨᠢ ᠵᠣᠯᠭᠠᠯᠳᠤᠭᠤᠯᠵᠤ᠂ ᠳᠡᠮᠵᠢᠯᠭᠡ ᠪᠠ ᠵᠢᠯᠣᠭᠤᠳᠤᠯᠭ᠎ᠠ ᠶᠢ ᠢᠳᠡᠪᠬᠢᠲᠡᠢ ᠲᠡᠮᠡᠴᠡᠨ ᠣᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠳᠡᠭᠡᠷᠡᠬᠢ ᠰᠦᠨ ᠱᠤᠤ ᠴᠧᠩ ᠱᠦᠵᠢ ᠶᠢᠨ ᠶᠠᠷᠢᠶᠠᠨ ᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠣᠣᠷ᠎ᠠ ᠬᠠᠭᠠᠰ ᠵᠢᠯ ᠤᠨ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠭᠦ ᠵᠢᠯ ᠤᠨ ᠬᠠᠷᠠᠯᠲᠠ ᠡᠭᠦᠷᠭᠡ ᠪᠠᠨ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠲᠦᠷᠦᠭᠦᠯᠡᠨ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠱᠠᠯᠠᠪᠳᠠᠨ ᠲᠦᠷᠭᠡᠨ ᠬᠢᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠦᠭᠴᠢ᠂ ᠪᠣᠳᠠᠲᠠᠢ ᠠᠵᠢᠯᠯᠠᠭᠴᠢ ᠪᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号