ᠭᠤᠣᠯ ᠤᠨ ᠪᠠᠶᠢᠰᠢᠩ ᠪᠠᠯᠭᠠᠰᠤ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠭᠤᠣᠯ ᠤᠨ ᠪᠠᠶᠢᠰᠢᠩ ᠪᠠᠯᠭᠠᠰᠤᠨ ᠤ ᠨᠠᠮ ᠤᠨ  ᠬᠤᠷᠢᠶ᠎ᠠ ᠵᠢᠴᠢ ᠬᠠᠷᠢᠶ᠎ᠠ 20 ᠭᠠᠴᠠᠭᠠᠨ ᠤ 1 ᠨᠡᠶᠢᠭᠡᠮ ᠲᠣᠭᠤᠷᠢᠭ ᠢ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/20
   8 ᠰᠠᠷ᠎ᠠ ᠶᠢᠨ 19 ᠤ ᠡᠳᠦᠷ᠂ ᠭᠤᠣᠯ ᠤᠨ ᠪᠠᠶᠢᠰᠢᠩ ᠪᠠᠯᠭᠠᠰᠤ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠳᠥᠷᠪᠡᠳᠦᠭᠡᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠭᠤᠣᠯ ᠤᠨ ᠪᠠᠶᠢᠰᠢᠩ ᠪᠠᠯᠭᠠᠰᠤᠨ ᠤ ᠨᠠᠮ ᠤᠨ ᠬᠤᠷᠢᠶ᠎ᠠ ᠵᠢᠴᠢ ᠬᠠᠷᠢᠶ᠎ᠠ 20 ᠭᠠᠴᠠᠭᠠᠨ ᠤ 1 ᠨᠡᠶᠢᠭᠡᠮ ᠲᠣᠭᠤᠷᠢᠭ ᠤᠨ ᠠᠵᠢᠯ ᠢ ᠴᠠᠭᠳᠠᠨ ᠪᠠᠶᠢᠴᠠᠭᠠᠬᠤ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠤᠶᠤᠨᠪᠢᠯᠢᠭ ᠬᠤᠷᠠᠯ ᠡᠷᠬᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠮᠢᠶ᠎ᠠ ᠪᠦᠬᠦᠢ ᠪᠦᠷᠢᠯᠳᠦᠬᠦᠨ ᠬᠤᠷᠠᠯ ᠳᠤ ᠣᠷᠣᠯᠴᠠᠵᠤ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠥᠷᠲᠡᠭᠡ ᠠᠯᠪᠠᠨ ᠭᠡᠷ ᠤᠨ ᠬᠠᠷᠢᠭᠤᠴᠠᠯᠭᠠᠲᠠᠨ᠂ ᠡᠯ᠎ᠡ ᠭᠠᠴᠠᠭᠠᠨ ᠤ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ᠂ ᠭᠠᠴᠠᠭᠠᠨ ᠤ ᠱᠦᠵᠢ᠂ ᠨᠢᠭᠡᠳᠦᠭᠡᠷ ᠱᠦᠵᠢ᠂ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠤᠨ ᠭᠡᠰᠢᠭᠦᠨ 1 ᠬᠥᠮᠦᠨ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠯᠢᠦ ᠪᠢᠯᠢᠭ ᠨᠥᠬᠦᠷ ᠲᠤᠰ ᠤᠳᠠᠭᠠᠨ ᠤ ᠲᠣᠭᠤᠷᠢᠨ ᠪᠠᠶᠢᠴᠠᠭᠠᠬᠤ ᠵᠣᠷᠢᠯᠭ᠎ᠠ᠂ ᠡᠲᠡᠭᠡᠳ᠂ ᠭᠤᠣᠯ ᠡᠭᠦᠷᠭᠡ ᠪᠠ ᠠᠵᠢᠯ ᠤᠨ ᠠᠷᠭ᠎ᠠ ᠮᠠᠶ᠋ᠢᠭ ᠤᠨ ᠲᠤᠬᠠᠢ ᠱᠠᠭᠠᠷᠳᠠᠯᠭ᠎ᠠ ᠳᠤᠷᠠᠳᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠤᠶᠤᠨᠪᠢᠯᠢᠭ᠌ ᠨᠥᠬᠦᠷ ᠭᠤᠣᠯ ᠤᠨ ᠪᠠᠶᠢᠰᠢᠩ ᠪᠠᠯᠭᠠᠰᠤᠨ ᠤ ᠨᠠᠮ ᠤᠨ ᠬᠤᠷᠢᠶ᠎ᠠ᠂ ᠪᠠᠯᠭᠠᠰᠤᠨ ᠤ ᠵᠠᠰᠠᠭ ᠤᠨ ᠣᠷᠳᠣᠨ ᠤ ᠡᠮᠦᠨ᠎ᠡ ᠠᠴᠠ ᠣᠪᠣᠷ ᠢᠶᠠᠨ ᠢᠯᠡᠳᠬᠡᠬᠦ ᠦᠭᠡ ᠬᠡᠯᠡᠪᠡ᠃    ᠬᠤᠷᠠᠯ ᠠᠴᠠ᠂ ᠲᠣᠭᠤᠷᠢᠨ ᠪᠠᠶᠢᠴᠠᠭᠠᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ ᠂ ᠭᠤᠣᠯᠳᠠᠯᠭ᠎ᠠ ᠲᠠᠢ ᠬᠦᠷᠢᠶ᠎ᠡ ᠶᠢ ᠲᠤᠪᠤᠶᠢᠯᠭᠠᠵᠦ᠂ ᠭᠤᠣᠯᠳᠠᠯᠭ᠎ᠠ ᠲᠠᠢ ᠡᠲᠡᠭᠡᠳ ᠢ ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠠᠰᠠᠭᠤᠳᠠᠯ ᠢ ᠴᠢᠩᠭ᠎ᠠ ᠪᠠᠶᠢᠴᠠᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠲᠠᠰᠤᠷᠠᠯᠲᠠ ᠦᠭᠡᠢ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠲᠣᠭᠤᠷᠢᠨ ᠪᠠᠶᠢᠴᠠᠭᠠᠬᠤ ᠠᠵᠢᠯ ᠥᠷᠨᠢᠭᠦᠯᠬᠦ ᠲᠠᠢ ᠢᠳᠡᠪᠬᠢᠲᠡᠢ ᠬᠠᠮᠵᠢᠯᠴᠠᠵᠤ᠂ ᠤᠬᠠᠮᠰᠠᠷ ᠠᠴᠠ ᠪᠠᠨ ᠬᠢᠨᠠᠯᠲᠠ ᠬᠦᠯᠢᠶᠡᠬᠦ ᠤᠯᠤᠰ ᠲᠥᠷᠥ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠠᠰᠠᠭᠤᠳᠠᠯ ᠢ ᠢᠯᠡᠷᠡᠭᠦᠯᠬᠦ ᠳᠤ ᠴᠢᠭᠯᠡᠭᠦᠯᠦᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠤᠴᠢᠷ ᠶᠠᠪᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ᠃ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠢᠨ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠱᠠᠭᠠᠷᠳᠠᠯᠭ᠎ᠠ ᠶᠢ ᠴᠠᠭᠳᠠᠨ ᠪᠠᠶᠢᠴᠠᠭᠠᠬᠤ ᠠᠵᠢᠯ ᠳᠤ ᠢᠮᠠᠭᠲᠠ ᠲᠤᠭᠤᠰᠢᠯᠠᠭᠤᠯᠵᠤ᠂ ᠴᠠᠭᠳᠠᠨ ᠪᠠᠶᠢᠴᠠᠭᠠᠭᠳᠠᠬᠤ ᠨᠠᠮ ᠤᠨ ᠤᠳᠤᠷᠢᠳᠬᠤ ᠳᠤᠭᠤᠶᠢᠯᠠᠩ ᠤᠨ ᠡᠭᠦᠷᠭᠡ ᠴᠢᠳᠠᠪᠬᠢ ᠶᠢᠨ ᠬᠠᠷᠢᠭᠤᠴᠠᠯᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠤᠳᠤᠷᠢᠳᠬᠤ ᠪᠠᠭ ᠪᠣᠯᠤᠨ ᠵᠠᠩᠭᠢᠯᠠᠭ᠎ᠠ ᠶᠢᠨ ᠴᠥᠭᠡᠨ ᠲᠣᠭᠠᠲᠠᠨ ᠢ ᠴᠢᠩᠭ᠎ᠠ ᠠᠩᠬᠠᠷᠴᠤ᠂ ᠴᠠᠭᠳᠠᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号