ᠪᠠᠶᠠᠨᠬᠤᠰᠢᠭᠤ ᠪᠠᠯᠭᠠᠰᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠭᠤᠷᠢᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2024/8/20
   ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠢ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠬᠤ ᠪᠠ ᠠᠰᠢᠭᠯᠠᠬᠤ ᠶᠢ ᠦᠨᠡᠨ ᠬᠦ ᠴᠢᠩᠭᠠᠳᠬᠠᠵᠤ᠂ ᠪᠦᠬᠦ ᠪᠠᠯᠭᠠᠰᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠪᠠᠶᠠᠨᠬᠤᠰᠢᠭᠤ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠪᠠ᠃    ᠪᠠᠶᠠᠨᠬᠤᠰᠢᠭᠤ ᠪᠠᠯᠭᠠᠰᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ 2024 ᠣᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠳᠠᠬᠢᠨ ᠲᠣᠬᠢᠷᠠᠭᠤᠯᠵᠤ ᠳᠠᠬᠢᠨ ᠪᠠᠶᠢᠷᠢᠯᠠᠭᠤᠯᠪᠠ᠃ ᠡᠯ᠎ᠡ ᠭᠠᠴᠠᠭᠠᠨ ᠤ ᠲᠡᠵᠢᠭᠡᠨ ᠦᠷᠡᠵᠢᠭᠦᠯᠬᠦ ᠲᠥᠷᠥᠯ ᠬᠡᠯᠪᠡᠷᠢ᠂ ᠲᠡᠵᠢᠭᠡᠨ ᠦᠷᠡᠵᠢᠭᠦᠯᠬᠦ ᠰᠠᠭᠤᠷᠢ ᠲᠤᠭ᠎ᠠ ᠵᠡᠷᠭᠡ ᠪᠠᠶᠢᠳᠠᠯ ᠢ ᠦᠨᠳᠦᠰᠦᠯᠡᠨ᠂ ᠦᠨᠡᠨᠬᠦ ᠬᠡᠷᠡᠭᠵᠢᠭᠦᠯᠵᠦ ᠪᠣᠯᠬᠤᠶᠢᠴᠠ ᠬᠡᠷᠡᠭᠵᠢᠭᠦᠯᠬᠦ ᠲᠥᠰᠦᠯ ᠲᠣᠭᠲᠠᠭᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠤᠯᠤᠰ ᠲᠥᠷᠥ ᠶᠢᠨ ᠬᠠᠷᠢᠭᠤᠴᠠᠯᠭ᠎ᠠ ᠶᠢ ᠮᠥᠷᠥᠨ ᠳᠡᠭᠡᠷ᠎ᠡ ᠪᠠᠨ ᠪᠠᠲᠤ ᠡᠭᠦᠷᠭᠡᠯᠡᠵᠦ᠂ ᠴᠢᠩᠭ᠎ᠠ ᠠᠳᠬᠤᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠢ᠃    ᠪᠠᠯᠭᠠᠰᠤᠨ ᠤ ᠪᠥᠬᠦ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠤᠯᠢ ᠬᠡᠷᠡᠭᠵᠢᠭᠦᠯᠬᠦ ᠠᠵᠢᠯᠲᠠᠨ ᠢ 6 ᠳᠤᠭᠤᠶᠢᠯᠠᠩ ᠬᠤᠪᠢᠶᠠᠵᠤ᠂ ᠤᠳᠠᠭ᠎ᠠ ᠪᠠᠨ ᠲᠣᠭᠲᠠᠭᠠᠬᠤ ᠦᠭᠡᠢ᠂ ᠲᠣᠭᠲᠠᠭᠰᠠᠨ ᠴᠠᠭ ᠦᠭᠡᠢ᠂ ᠲᠣᠭᠲᠠᠭᠰᠠᠨ ᠴᠡᠭ ᠲᠣᠭᠲᠠᠭᠠᠬᠤ ᠦᠭᠡᠢ᠂ ᠪᠦᠬᠦᠯᠢ ᠡᠳᠦᠷ ᠢᠶᠠᠷ ᠠᠵᠢᠯᠯᠠᠭ᠎ᠠ ᠥᠷᠨᠢᠭᠦᠯᠵᠦ᠂ ᠭᠠᠴᠠᠭᠠᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ᠂ ᠣᠢ ᠰᠢᠭᠤᠢ ᠬᠠᠮᠠᠭᠠᠯᠠᠭᠴᠢ ᠲᠠᠢ ᠬᠠᠮᠵᠢᠯᠴᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠣᠷᠵᠢᠭᠤᠯᠤᠭᠰᠠᠨ ᠬᠠᠮᠢᠶᠠᠷᠤᠯᠲᠠ ᠶᠢ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠬᠦ ᠦᠢᠯᠡ ᠠᠵᠢᠯᠯᠠᠭ᠎ᠠ ᠶᠢ ᠪᠦᠬᠦ ᠲᠠᠯ᠎ᠠ ᠪᠠᠷ ᠴᠠᠭᠠᠵᠠᠯᠠᠪᠠ᠃ ᠡᠭᠦᠨ ᠤ ᠬᠠᠮᠲᠤ᠂ ᠡᠷᠦᠬᠡ ᠳᠤ ᠬᠦᠷᠴᠦ ︽ᠲᠥᠷᠥ ᠶᠢᠨ ᠪᠣᠳᠣᠯᠭ᠎ᠠ ᠶᠢ ᠶᠠᠷᠢᠬᠤ︾᠂ ︽ᠵᠣᠭᠤᠭᠳᠠᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠯᠴᠢᠨ ᠲᠠᠷᠢᠶᠠᠴᠢᠨ ᠳᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠣᠯᠠᠨ ᠳᠡᠰ ᠳᠠᠪᠬᠤᠷᠭ᠎ᠠ᠂ ᠣᠯᠠᠨ ᠬᠠᠷᠠᠭᠠᠰᠤ ᠠᠴᠠ ᠤᠬᠠᠭᠤᠯᠤᠨ ᠲᠠᠶᠢᠯᠪᠤᠷᠢᠯᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃    ᠳᠠᠷᠠᠭᠠᠴᠢ ᠶᠢᠨ ᠠᠯᠬᠤᠮ ᠳᠤ᠂ ᠪᠠᠶᠠᠨᠬᠤᠰᠢᠭᠤ ᠪᠠᠯᠭᠠᠰᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠭᠤᠷᠢᠨ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠮᠠᠯᠴᠢᠨ ᠲᠠᠷᠢᠶᠠᠴᠢᠨ ᠤ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠪᠠ ᠤᠬᠠᠮᠰᠠᠷᠲᠤ ᠴᠢᠨᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ ᠪᠠᠬᠢᠵᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠪᠠ ᠡᠪᠡᠰᠦ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠵᠢᠯ ᠤᠨ ᠠᠮᠵᠢᠯᠲᠠ ᠣᠯᠬᠤ ᠶᠢ ᠪᠠᠲᠤᠯᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号