ᠬᠤᠶᠠᠷᠰᠤᠮᠤ ᠪᠠᠯᠭᠠᠰᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/20
   8 ᠰᠠᠷ᠎ᠠ ᠶᠢᠨ 19 ᠤ ᠡᠳᠦᠷ᠂ ᠬᠤᠶᠠᠷᠰᠤᠮᠤ ᠪᠠᠯᠭᠠᠰᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠸᠠᠩ ᠸᠧᠨ ᠱᠧᠩ ᠡᠷᠭᠢᠯᠡᠵᠦ᠂ ᠪᠠᠯᠭᠠᠰᠤᠨ ᠤ ᠭᠡᠷ ᠲᠡᠭᠡᠨ ᠪᠠᠶᠢᠭ᠎ᠠ ᠨᠠᠮ ᠵᠠᠰᠠᠭ ᠤᠨ ᠪᠠᠭ ᠤᠨ ᠪᠦᠷᠢᠯᠳᠦᠬᠦᠨ᠂ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠠᠵᠢᠯᠲᠠᠳ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ︽ᠭᠤᠷᠪᠠᠨ ᠪᠡᠯᠡ︾ ᠶᠢᠨ ᠬᠠᠮᠢᠶᠠᠷᠤᠯᠲᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠢ ᠰᠡᠯᠪᠢᠨ ᠵᠠᠰᠠᠵᠤ ᠬᠠᠮᠢᠶᠠᠷᠤᠨ ᠬᠠᠮᠠᠭᠠᠯᠠᠬᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠤᠨ ︽ᠠᠬᠢᠴᠠ ᠶᠢᠨ ᠬᠦᠰᠦᠨᠦᠭᠲᠦ︾᠂ ︽ᠡᠯ᠎ᠡ ᠵᠦᠢᠯ ᠤᠨ ᠠᠵᠢᠯ ᠢ ᠵᠡᠷᠭᠡᠪᠡᠷ ᠡᠮᠬᠢᠯᠡᠵᠦ᠂ ᠨᠢᠭᠡ ᠴᠣᠭᠴᠠᠵᠢᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ︔ ᠮᠥᠷᠳᠡᠨ ᠪᠠᠶᠢᠴᠠᠭᠠᠵᠤ ᠦᠷ᠎ᠡ ᠪᠦᠲᠦᠮᠵᠢ ᠶᠢ ᠠᠰᠠᠭᠤᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ︽ᠭᠤᠷᠪᠠᠨ ᠪᠡᠯᠡ︾ ᠶᠢᠨ ᠬᠠᠮᠢᠶᠠᠷᠤᠯᠲᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠢ ᠰᠡᠯᠪᠢᠨ ᠵᠠᠰᠠᠵᠤ ᠬᠠᠮᠢᠶᠠᠷᠤᠨ ᠬᠠᠮᠠᠭᠠᠯᠠᠬᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ︔ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠭᠡᠬᠦᠳᠡᠭ ᠳᠦᠭᠦᠷᠡᠩ ᠠᠵᠢᠯ ᠤᠨ ᠬᠠᠯᠠᠭᠤᠨ ᠰᠡᠳᠬᠢᠯᠭᠡ᠂ ᠪᠣᠳᠠᠲᠠᠢ ᠶᠢ ᠡᠷᠬᠢᠮᠯᠡᠬᠦ ᠠᠵᠢᠯ ᠤᠨ ᠣᠪᠣᠷ ᠢᠶᠠᠷ ᠭᠤᠣᠯᠳᠠᠯᠭ᠎ᠠ ᠶᠢ ᠲᠣᠪᠤᠶᠢᠯᠭᠠᠨ᠂ ᠪᠦᠬᠦ ᠲᠠᠯ᠎ᠠ ᠶᠢ ᠬᠠᠮᠲᠤ ᠳᠤᠨᠢ ᠬᠠᠷᠠᠭᠠᠯᠵᠠᠵᠤ᠂ ᠡᠯ᠎ᠡ ᠵᠦᠢᠯ ᠤᠨ ᠡᠭᠦᠷᠭᠡ ᠶᠢ ᠥᠨᠳᠥᠷ ᠪᠦᠲᠦᠮᠵᠢᠲᠡᠢ ᠴᠢᠨᠠᠷ ᠰᠠᠶᠢᠲᠠᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号