ᠭᠤᠣᠯ ᠤᠨ ᠪᠠᠶᠢᠰᠢᠩ ᠪᠠᠯᠭᠠᠰᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/20
   8 ᠰᠠᠷ᠎ᠠ ᠶᠢᠨ 19 ᠤ ᠡᠳᠦᠷ᠂ ᠭᠤᠣᠯ ᠤᠨ ᠪᠠᠶᠢᠰᠢᠩ ᠪᠠᠯᠭᠠᠰᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠰᠤᠷᠭᠠᠯᠲᠤ ᠬᠤᠷᠠᠯ ᠢ ᠡᠷᠬᠢᠯᠡᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠂ ᠡᠯ᠎ᠡ ᠭᠠᠴᠠᠭᠠᠨ ᠤ ᠳᠠᠭᠠᠭᠠᠴᠢᠯᠠᠨ ᠬᠠᠮᠢᠶᠠᠷᠬᠤ ᠤᠳᠤᠷᠢᠳᠤᠯᠭ᠎ᠠ᠂ ᠭᠠᠴᠠᠭᠠᠨ ᠤ ᠱᠦᠵᠢ᠂ ᠨᠢᠭᠡᠳᠦᠭᠡᠷ ᠱᠦᠵᠢ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠦᠢᠯᠡᠳᠪᠦᠷᠢᠯᠡᠭᠴᠢᠳ ᠲᠤ ᠨᠥᠬᠦᠪᠥᠷᠢ ᠥᠭᠬᠦ᠂ 2024 ᠣᠨ ᠤ ᠬᠤᠶᠠᠳᠤᠭᠠᠷ ᠤᠯᠠᠷᠢᠯ ᠳᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠲᠣᠬᠢᠷᠠᠭᠤᠯᠤᠯᠲᠠ ᠶᠢᠨ ᠠᠵᠢᠯ ᠵᠢᠴᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠦᠵᠡᠯ ᠤᠬᠠᠮᠰᠠᠷ ᠤᠨ ᠬᠡᠯᠪᠡᠷᠢ ︵ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ︶᠂ 12345 ᠠᠵᠢᠯ ᠤᠨ ᠬᠠᠭᠤᠳᠠᠰᠤ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ︽ᠭᠤᠷᠪᠠᠨ ᠪᠡᠯᠡ︾ ᠶᠢᠨ ᠬᠠᠮᠢᠶᠠᠷᠤᠯᠲᠠ᠂ ᠦᠶᠡᠷ ᠢ ᠰᠡᠷᠭᠡᠶᠢᠯᠡᠬᠦ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ᠂ ᠵᠢᠷᠤᠭ ᠲᠣᠯᠪᠤ ᠶᠢ ᠵᠢᠭᠰᠠᠭᠠᠨ ᠪᠠᠶᠢᠴᠠᠭᠠᠬᠤ᠂ ᠠᠯᠪᠠᠨ ᠠᠴᠠ ᠡᠷᠬᠢᠯᠡᠭᠰᠡᠨ ᠰᠠᠭᠤᠷᠢ ᠰᠤᠷᠭᠠᠨ ᠬᠥᠮᠦᠵᠢᠯ ᠤᠨ ᠰᠤᠷᠭᠠᠭᠤᠯᠢ ᠶᠢ ᠬᠠᠰᠤᠵᠤ ᠨᠡᠶᠢᠯᠡᠭᠦᠯᠬᠦ ᠵᠢᠴᠢ ᠡᠳ᠋ ᠬᠥᠷᠥᠩᠭᠡ ᠶᠢ ᠰᠢᠢᠳᠪᠦᠷᠢᠯᠡᠵᠦ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠳᠠᠬᠢᠨ ᠲᠣᠬᠢᠷᠠᠭᠤᠯᠵᠤ ᠳᠠᠬᠢᠨ ᠴᠢᠬᠤᠯᠠᠴᠢᠯᠠᠪᠠ᠃    ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠠᠯᠭᠠᠰᠤᠨ ᠤ ᠨᠠᠮ ᠤᠨ ᠬᠤᠷᠢ᠊ ᠡᠶ᠎ᠡ᠂ ᠪᠠᠯᠭᠠᠰᠤᠨ ᠤ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠳᠡᠭᠡᠷ᠎ᠡ ᠦᠨᠡᠨ ᠬᠦ ᠨᠢᠭᠡᠳᠬᠡᠵᠦ᠂ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠢᠯ ᠤᠨ ᠰᠡᠳᠬᠢᠮᠵᠢ ᠪᠠᠨ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠦᠷ᠎ᠡ ᠪᠦᠲᠦᠮᠵᠢ ᠶᠢ ᠡᠷᠬᠢᠮᠯᠡᠵᠦ᠂ ᠦᠷ᠎ᠡ ᠪᠦᠲᠦᠮᠵᠢ ᠶᠢ ᠠᠬᠢᠭᠤᠯᠵᠤ᠂ ᠪᠦᠬᠦ ᠪᠠᠯᠭᠠᠰᠤᠨ ᠤ ᠡᠯ᠎ᠡ ᠵᠦᠢᠯ ᠤᠨ ᠠᠵᠢᠯ ᠤᠨ ᠡᠮᠦᠨ᠎ᠡ ᠡᠩᠨᠡᠭᠡᠨ ᠳᠤ ᠶᠠᠪᠤᠬᠤ ᠶᠢ ᠬᠦᠴᠦᠯᠡᠨ ᠠᠬᠢᠭᠤᠯᠬᠤ ᠬᠡᠷᠡᠭᠲᠡᠢ᠃ ᠡᠷᠳᠡᠨᠢ ᠰᠢᠰᠢ᠂ ᠰᠢᠷ᠎ᠠ ᠪᠤᠷᠴᠠᠭ ᠵᠢᠴᠢ ᠲᠤᠲᠤᠷᠭ᠎ᠠ ᠲᠠᠷᠢᠭᠴᠢ ᠳᠤ ᠨᠥᠬᠦᠪᠥᠷᠢ ᠥᠭᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠲᠠᠷᠢᠬᠤ ᠲᠠᠯᠠᠪᠠᠢ ᠶᠢ ᠪᠣᠳᠠᠲᠠᠢ ᠬᠢᠨᠠᠨ ᠪᠠᠶᠢᠴᠠᠭᠠᠵᠤ᠂ ᠳᠡᠭᠡᠭᠰᠢ ᠮᠡᠳᠡᠭᠦᠯᠦᠭᠰᠡᠨ ᠠᠭᠤᠯᠭ᠎ᠠ ᠶᠢᠨ ᠵᠥᠪ ᠣᠨᠣᠪᠴᠢᠲᠠᠢ᠂ ᠪᠦᠲᠦᠮᠵᠢᠲᠡᠢ ᠪᠠᠶᠢᠬᠤ ᠶᠢ ᠪᠠᠲᠤᠯᠠᠬᠤ ᠶᠢᠨ ᠬᠠᠮᠲᠤ᠂ ᠣᠯᠠᠨ ᠲᠠᠯ᠎ᠠ ᠪᠠᠷ ᠤᠬᠠᠭᠤᠯᠭ᠎ᠠ ᠪᠠᠨ ᠴᠢᠩᠭᠠᠳᠬᠠᠵᠤ᠂ ᠣᠯᠠᠨ ᠲᠦᠮᠡᠨ ᠤ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠬᠦ ᠬᠡᠷᠡᠭᠲᠡᠢ᠃ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠲᠡᠪᠴᠢᠵᠦ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠦᠶᠡᠷ ᠤᠨ ᠬᠤᠭᠤᠴᠠᠭᠠᠨ ᠤ 24 ᠴᠠᠭ ᠢᠶᠠᠷ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠤᠯᠠᠮᠵᠢᠯᠠᠨ ᠲᠠᠷᠬᠠᠭᠠᠵᠤ᠂ ᠪᠣᠷᠣᠭᠠᠨ ᠤ ᠪᠠᠶᠢᠳᠠᠯ ᠦᠶᠡᠷ ᠤᠨ ᠪᠠᠶᠢᠳᠠᠯ ᠢ ᠴᠢᠩᠭ᠎ᠠ ᠬᠢᠨᠠᠨ ᠬᠡᠮᠵᠢᠵᠦ᠂ ᠲᠡᠷᠡ ᠳᠠᠷᠤᠢ ᠳᠤᠨᠢ ᠢᠯᠡᠷᠡᠭᠦᠯᠵᠦ᠂ ᠲᠡᠷᠡ ᠳᠠᠷᠤᠢ ᠳᠤᠨᠢ ᠳᠡᠭᠡᠭᠰᠢ ᠮᠡᠳᠡᠭᠦᠯᠵᠦ᠂ ᠲᠡᠷᠡ ᠳᠠᠷᠤᠢ ᠳᠤᠨᠢ ᠴᠤᠤᠷᠢᠶᠠᠲᠤᠨ ᠳᠠᠭᠠᠵᠤ᠂ ᠲᠡᠷᠡ ᠳᠠᠷᠤᠢ ᠳᠤᠨᠢ ᠰᠢᠢᠳᠪᠦᠷᠢᠯᠡᠵᠦ᠂ ᠦᠶᠡᠷ ᠤᠨ ᠬᠤᠭᠤᠴᠠᠭᠠᠨ ᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠦᠬᠦ ᠪᠠᠯᠭᠠᠰᠤᠨ ᠤ ᠦᠶᠡᠷ ᠢ ᠲᠣᠭᠲᠠᠭᠤᠨ ᠢᠶᠠᠷ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号