ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ
ᠨᠡᠶᠢᠲᠡᠯᠡᠭᠰᠡᠨ ᠴᠠᠭ᠄
2024/8/20
   ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠥᠷᠨᠢᠭᠦᠯᠦᠭᠰᠡᠨ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠬᠠᠤᠯᠢ ᠳᠦᠷᠢᠮ ᠤᠨ ᠪᠠᠶᠢᠭᠤᠯᠤᠯᠲᠠ ᠶᠢᠨ ᠳᠠᠭᠠᠭᠤᠯᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ︽ᠦᠨᠡᠨᠴᠢ ᠢᠲᠡᠭᠡᠮᠵᠢ︾ ᠪᠠ ︽3 N︾ ᠵᠠᠭᠪᠤᠷ ᠢᠶᠠᠷ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠬᠢᠭᠡᠳ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠬᠠᠷᠢᠯᠴᠠᠨ ᠠᠬᠢᠭᠤᠯᠬᠤ᠂ ᠠᠭᠤᠰᠤᠯᠴᠠᠭᠤᠯᠤᠨ ᠨᠡᠪᠲᠡᠷᠡᠭᠦᠯᠬᠦ ᠶᠢ ᠴᠢᠷᠮᠠᠶᠢᠨ ᠪᠡᠶᠡᠯᠡᠭᠦᠯᠦᠭᠰᠡᠨ ᠰᠠᠶᠢᠨ ᠰᠠᠶᠢᠬᠠᠨ ᠪᠠᠶᠢᠳᠠᠯ ᠢ ᠴᠢᠷᠮᠠᠶᠢᠨ ᠪᠡᠶᠡᠯᠡᠭᠦᠯᠪᠡ᠃    ᠣᠶᠢᠷ᠎ᠠ ᠳᠤ᠂ ᠬᠢᠩᠭᠠᠨ ᠠᠶᠢᠮᠠᠭ ᠤᠨ ᠬᠠᠨ ᠠᠭᠤᠯᠠ ᠷᠠᠰᠢᠶᠠᠨ ᠤ ᠦᠨᠳᠦᠰᠦᠲᠡᠨ ᠤ ᠤᠮᠳᠠᠭᠠᠨ ᠤ ᠬᠢᠵᠠᠭᠠᠷᠲᠤ ᠺᠣᠮᠫᠠᠨᠢ ᠳᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠨᠢᠭᠡ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠶᠠᠭ ᠶᠠᠪᠤᠭᠳᠠᠵᠤ ᠪᠤᠢ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠠᠵᠢᠯᠲᠠᠨ ᠪᠠ ᠬᠠᠤᠯᠢᠴᠢ ᠲᠤᠰᠬᠠᠢ ᠮᠡᠷᠭᠡᠵᠢᠯ ᠤᠨ ᠬᠠᠤᠯᠢ ᠴᠠᠭᠠᠵᠠ ᠶᠢᠨ ᠮᠡᠳᠡᠯᠭᠡ ᠪᠠ ᠡᠯᠪᠡᠭ ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠪᠠᠷ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠨ ᠥᠭᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠦᠢᠯᠡᠳᠪᠦᠷᠢᠯᠡᠯ ᠪᠠ ᠪᠣᠷᠣᠯᠠᠭᠤᠯᠭ᠎ᠠ ᠶᠢᠨ ᠭᠡᠷ᠎ᠡ ᠲᠣᠭᠲᠠᠬᠤ ᠦᠶ᠎ᠡ ᠳᠤ ᠣᠷᠣᠰᠢᠵᠤ ᠪᠠᠶᠢᠭ᠎ᠠ ᠬᠠᠤᠯᠢ ᠴᠠᠭᠠᠵᠠ ᠶᠢᠨ ᠠᠰᠠᠭᠤᠳᠠᠯ ᠳᠤ ᠬᠠᠷᠢᠭᠤᠯᠲᠠ ᠥᠭᠪᠡ᠃    ᠬᠢᠩᠭᠠᠨ ᠠᠶᠢᠮᠠᠭ ᠤᠨ ᠬᠠᠨ ᠠᠭᠤᠯᠠ ᠷᠠᠰᠢᠶᠠᠨ ᠤ ᠦᠨᠳᠦᠰᠦᠲᠡᠨ ᠤ ᠤᠮᠳᠠᠭᠠᠨ ᠤ ᠬᠢᠵᠠᠭᠠᠷᠲᠤ ᠺᠣᠮᠫᠠᠨᠢ ᠪᠣᠯ ᠥᠪᠥᠷ ᠮᠣᠩᠭᠤᠯ ᠤᠨ ᠬᠢᠩᠭᠠᠨ ᠠᠶᠢᠮᠠᠭ ᠤᠨ ᠬᠠᠨ ᠠᠭᠤᠯᠠ ᠷᠠᠰᠢᠶᠠᠨ ᠤ ᠤᠰᠤ ᠦᠢᠯᠡᠳᠪᠦᠷᠢᠯᠡᠬᠦ ᠪᠠᠷ ᠭᠤᠣᠯ ᠪᠣᠯᠭᠠᠵᠤ᠂ ᠦᠢᠯᠡᠳᠪᠦᠷᠢᠯᠡᠬᠦ᠂ ᠡᠳ᠋ᠰᠢᠭᠦᠯᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠪᠤᠯᠠᠭ ᠤᠨ ᠤᠰᠤ ᠡᠳ᠋ᠰᠢᠭᠦᠯᠬᠦ ᠠᠵᠤ ᠠᠬᠤᠶᠢᠯᠠᠯ ᠪᠣᠯᠤᠨ᠎ᠠ᠂ ᠢᠲᠡᠭᠡᠮᠵᠢ ᠶᠢᠨ ᠳᠡᠰ ᠨᠢ ᠵᠠᠯᠭᠠᠭ᠎ᠠ ᠪᠠᠷ 4A ᠪᠠᠷ ᠦᠨᠡᠯᠡᠭᠳᠡᠵᠦ᠂ ᠲᠤᠰ ᠠᠵᠤ ᠠᠬᠤᠶᠢᠯᠠᠯ ᠨᠢᠭᠡᠨᠲᠡ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠢᠱᠢᠶᠡᠴᠢ ᠨᠢᠭᠡᠴᠢ ᠪᠣᠯᠵᠠᠢ᠂ ᠡᠶᠢᠮᠦ ᠠᠴᠠ ᠬᠠᠤᠯᠢᠴᠢ ᠶᠢᠨ ᠭᠡᠷ ᠲᠤᠨᠢ ᠬᠦᠷᠴᠦ ᠵᠢᠯᠣᠭᠤᠳᠬᠤ ᠪᠠ ᠭᠡᠷ ᠲᠤᠨᠢ ᠬᠦᠷᠴᠦ ᠲᠥᠪ ᠭᠤᠣᠯᠴᠢ ᠪᠠᠶᠢᠬᠤ ᠵᠡᠷᠭᠡ ᠲᠠᠯ᠎ᠠ ᠪᠠᠷ ︽ᠠᠰᠠᠷᠠᠮᠵᠢ︾ ᠬᠦᠷᠲᠡᠪᠡ᠃    ᠬᠢᠩᠭᠠᠨ ᠠᠶᠢᠮᠠᠭ ᠤᠨ ᠬᠠᠨ ᠱᠠᠨ ᠴᠢᠦᠸᠡᠨ ᠦᠨᠳᠦᠰᠦᠲᠡᠨ ᠤ ᠤᠮᠳᠠᠭᠠᠨ ᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠶᠢᠨ ᠪᠦᠦ᠄ ︽ᠥᠨᠥᠳᠦᠷ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠪᠠᠰᠠ ᠬᠠᠤᠯᠢᠴᠢ ᠮᠠᠨ ᠤ ᠠᠵᠤ ᠠᠬᠤᠶᠢᠯᠠᠯ ᠳᠤ ᠢᠷᠡᠵᠦ᠂ ᠮᠠᠨ ᠤ ᠠᠵᠤ ᠠᠬᠤᠶᠢᠯᠠᠯ ᠳᠤ ᠦᠨᠡᠨᠴᠢ ᠢᠲᠡᠭᠡᠮᠵᠢᠲᠡᠢ ᠡᠵᠡᠩᠨᠡᠯᠲᠡ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ ᠬᠢ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠡᠢ᠂ ᠵᠠᠯᠭᠠᠭᠠᠳ ᠮᠠᠨ ᠤ ᠠᠵᠤ ᠠᠬᠤᠶᠢᠯᠠᠯ ᠪᠠᠰᠠ ᠦᠨᠡᠨᠴᠢ ᠢᠲᠡᠭᠡᠮᠵᠢᠲᠡᠢ ᠡᠵᠡᠩᠨᠡᠯᠲᠡ ᠶᠢᠨ ᠣᠨᠣᠯᠵᠢᠬᠤᠨ ᠢ ᠦᠷᠭᠦᠯᠵᠢᠯᠡᠨ ᠪᠠᠷᠢᠮᠲᠠᠯᠠᠵᠤ᠂ ᠴᠢᠨᠠᠷ ᠰᠠᠶᠢᠲᠠᠢ ᠤᠰᠤ ᠬᠠᠩᠭᠠᠵᠤ᠂ ᠥᠷᠭᠡᠨ ᠣᠯᠠᠨ ᠬᠡᠷᠡᠭᠯᠡᠭᠴᠢᠳ ᠲᠤ ᠰᠠᠶᠢᠲᠤᠷ ᠦᠢᠯᠡᠴᠢᠯᠡᠨ᠎ᠡ ᠭᠡᠪᠡ᠃  ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ︽3+ N︾ ᠠᠵᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠤᠯᠢ ᠴᠠᠭᠠᠵᠠ ᠶᠢᠨ ᠲᠣᠪᠴᠢᠶ᠎ᠠ ᠲᠣᠭᠲᠠᠮᠠᠯ ᠬᠤᠭᠤᠴᠠᠭ᠎ᠠ ᠲᠠᠢ ᠪᠠᠷ ᠬᠠᠤᠯᠢᠴᠢ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠨ ᠰᠣᠯᠢᠯᠴᠠᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠲᠠᠢ ᠵᠠᠢ ᠦᠭᠡᠢ ᠨᠡᠪᠲᠡᠷᠡᠯᠴᠡᠵᠦ᠂ ᠡᠷᠬᠡ ᠠᠰᠢᠭ ᠤᠨ ᠪᠠᠲᠤᠯᠠᠭ᠎ᠠ ᠳᠤ ᠬᠠᠷᠢᠭᠤᠯᠲᠠ ᠥᠭᠬᠦ ᠵᠡᠷᠭᠡ ᠲᠠᠯ᠎ᠠ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠠᠶᠢᠯᠪᠤᠷᠢᠯᠠᠵᠤ᠂ ᠬᠠᠤᠯᠢᠴᠢ ᠴᠠᠭ ᠲᠤᠬᠠᠢ ᠳᠤᠨᠢ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠣᠯᠳᠠᠯᠭ᠎ᠠ ᠲᠠᠢ ᠮᠡᠳᠡᠯᠭᠡ ᠶᠢ ᠲᠠᠶᠢᠯᠪᠤᠷᠢᠯᠠᠨ ᠥᠭᠴᠦ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠪᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨ ᠰᠢᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠤᠷᠠᠯ ᠤᠨ ᠭᠡᠷ ᠲᠤ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠠᠵᠢᠯᠲᠠᠳ ᠶᠠᠭ ᠬᠠᠤᠯᠢᠴᠢ ᠳᠤ ᠠᠵᠢᠯ ᠡᠷᠬᠢᠯᠡᠬᠦ ᠶᠣᠰᠣ ᠮᠣᠷᠠᠯ ᠤᠨ ᠬᠥᠮᠦᠵᠢᠯ ᠤᠨ ᠪᠣᠯᠪᠠᠰᠤᠷᠠᠯ ᠥᠷᠨᠢᠭᠦᠯᠵᠦ᠂ ᠬᠠᠤᠯᠢᠴᠢ ᠶᠢ ᠬᠥᠲᠥᠯᠥᠨ ᠵᠢᠯᠣᠭᠤᠳᠴᠤ ᠠᠵᠢᠯ ᠡᠷᠬᠢᠯᠡᠬᠦ ᠰᠠᠬᠢᠯᠭ᠎ᠠ ᠪᠠᠲᠤ ᠶᠢ ᠴᠢᠩᠭ᠎ᠠ ᠰᠠᠬᠢᠭᠤᠯᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠬᠦᠷᠴᠦ ︽ᠬᠠᠤᠯᠢᠴᠢ ᠶᠢᠨ ᠬᠠᠤᠯᠢ ᠶᠣᠰᠣᠭᠠᠷ ᠦᠨᠡᠨᠴᠢ ᠢᠲᠡᠭᠡᠮᠵᠢᠲᠡᠢ ᠠᠵᠢᠯ ᠡᠷᠬᠢᠯᠡᠬᠦ ᠠᠮᠠᠯᠠᠯᠲᠠ ᠶᠢᠨ ᠪᠢᠴᠢᠭ︾ ᠲᠤ ᠭᠠᠷ ᠤᠨ ᠦᠰᠦᠭ ᠵᠢᠷᠤᠭᠤᠯᠵᠤ ᠪᠠᠶᠢᠨ᠎ᠠ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠠᠵᠢᠯᠲᠠᠳ ᠪᠠᠰᠠ ᠬᠠᠤᠯᠢ ᠴᠠᠭᠠᠵᠠ ᠶᠢᠨ ᠭᠠᠵᠠᠷ ᠤᠨ ᠡᠪᠬᠡᠮᠡᠯ ᠤᠨ ᠲᠠᠰᠤᠭ ᠲᠤ ᠭᠦᠨᠵᠡᠭᠡᠶᠢᠷᠡᠨ᠂ ᠬᠠᠮᠢᠶ᠎ᠠ ᠪᠦᠬᠦᠢ ᠬᠡᠷᠡᠭ ᠤᠨ ᠡᠪᠬᠡᠮᠡᠯ ᠤᠨ ᠲᠡᠮᠳᠡᠭᠯᠡᠯ ᠢ ᠪᠠᠶᠢᠴᠠᠭᠠᠵᠤ᠂ ᠬᠠᠤᠯᠢ ᠴᠠᠭᠠᠵᠠ ᠶᠢᠨ ᠭᠠᠵᠠᠷ ᠤᠨ ᠬᠡᠷᠡᠭ ᠰᠢᠢᠳᠪᠦᠷᠢᠯᠡᠬᠦ ᠦᠶ᠎ᠡ ᠶᠢᠨ ᠳᠡᠰ ᠳᠠᠷᠠᠭᠠᠯᠠᠯ ᠨᠢ ᠵᠢᠷᠤᠮᠵᠢᠭᠤᠨ ᠪᠠᠶᠢᠬᠤ ᠡᠰᠡᠬᠦ᠂ ᠮᠡᠳᠡᠭᠡ ᠵᠠᠩᠭᠢ ᠶᠢ ᠴᠠᠭ ᠲᠤᠬᠠᠢ ᠳᠤᠨᠢ ᠡᠮᠬᠢᠯᠡᠨ ᠬᠤᠷᠢᠶᠠᠩᠭᠤᠶᠢᠯᠠᠬᠤ ᠶᠢᠨ ᠬᠠᠮᠲᠤ ᠬᠠᠤᠯᠢ ᠴᠠᠭᠠᠵᠠ ᠶᠢᠨ ᠭᠠᠵᠠᠷ ᠢ ᠰᠢᠮᠳᠠᠭᠤᠯᠤᠨ ᠦᠨᠡᠨᠴᠢ ᠢᠲᠡᠭᠡᠮᠵᠢᠲᠡᠢ ᠪᠠᠷ ᠡᠵᠡᠩᠨᠡᠭᠦᠯᠵᠦ᠂ ᠣᠯᠠᠨ ᠲᠦᠮᠡᠨ ᠳᠤ ᠴᠢᠨᠠᠷ ᠰᠠᠶᠢᠲᠠᠢ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠪᠠ᠃    ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠲᠥᠷᠥᠯ ᠤᠨ ᠦᠨᠡᠨᠴᠢ ᠢᠲᠡᠭᠡᠮᠵᠢ ᠶᠢᠨ ᠬᠥᠮᠦᠵᠢᠯ ᠪᠠ ᠪᠣᠯᠪᠠᠰᠤᠷᠠᠯ ᠢ 4 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠰᠠᠭᠠᠳ ᠦᠭᠡᠢ ᠨᠡᠪᠲᠡᠷᠡᠬᠦ ᠵᠠᠮ ᠪᠠ ᠠᠵᠤ ᠠᠬᠤᠶᠢᠯᠠᠯ ᠳᠤ ᠦᠢᠯᠡᠴᠢᠯᠡᠬᠦ 16 ᠠᠯᠪᠠᠨ ᠭᠡᠷᠡᠴᠢᠯᠡᠭᠡ ᠶᠢ ᠭᠠᠷᠭᠠᠵᠤ᠂ ᠬᠠᠤᠯᠢᠴᠢ ᠶᠢᠨ ᠠᠵᠢᠯ ᠲᠥᠷᠥᠯ᠂ ᠠᠯᠪᠠᠨ ᠭᠡᠷᠡᠴᠢᠯᠡᠭᠴᠢ ᠵᠡᠷᠭᠡ 8 ᠬᠦᠷᠢᠶᠡᠨ ᠳᠤ 1500 ᠭᠠᠷᠤᠢ ᠬᠤᠪᠢ ︽ᠦᠨᠡᠨᠴᠢ ᠢᠲᠡᠭᠡᠮᠵᠢ ᠶᠢᠨ ᠠᠵᠢᠯ ᠮᠡᠷᠭᠡᠵᠢᠯ ᠤᠨ ᠠᠮᠠᠯᠠᠯᠲᠠ ᠶᠢᠨ ᠪᠢᠴᠢᠭ ︾ ᠲᠤ ᠭᠠᠷ ᠤᠨ ᠦᠰᠦᠭ ᠵᠢᠷᠤᠵᠤ᠂ ︽ᠢᠯᠡ ᠪᠠᠷ ᠠᠵᠢᠯ ᠡᠷᠬᠢᠯᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠪᠠ᠃    ︽ᠡᠨᠡ ᠵᠢᠯ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠢᠳᠡᠪᠬᠢᠲᠡᠢ ᠠᠬᠢᠭᠤᠯᠵᠤ᠂ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠡᠯ᠎ᠡ ᠵᠦᠢᠯ ᠤᠨ ᠠᠵᠢᠯ ᠳᠤ ᠪᠦᠬᠦ ᠲᠠᠯ᠎ᠠ ᠪᠠᠷ ᠠᠭᠤᠰᠤᠯᠴᠠᠭᠤᠯᠵᠤ᠂ ᠦᠨᠡᠨᠴᠢ ᠢᠲᠡᠭᠡᠮᠵᠢ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠦᠨᠡᠨᠴᠢ ᠢᠲᠡᠭᠡᠮᠵᠢ ᠶᠢᠨ ᠠᠭᠤᠷ ᠠᠮᠢᠰᠬᠤᠯ ᠢ ᠪᠣᠢ ᠪᠣᠯᠭᠠᠵᠤ᠂ ᠪᠦᠬᠦ ᠬᠤᠰᠢᠭᠤᠨ ᠤ ᠮᠡᠳᠡᠭᠡ ᠵᠠᠩᠭᠢ ᠶᠢᠨ ᠨᠡᠪᠲᠡᠷᠡᠯᠴᠡᠭᠡ᠂ ᠢᠲᠡᠭᠡᠯ ᠠᠯᠳᠠᠭᠰᠠᠳ ᠢ ᠱᠠᠩᠨᠠᠵᠤ ᠲᠣᠷᠭᠠᠬᠤ ᠪᠠᠷ ︿ᠭᠤᠷᠪᠠᠨ ᠬᠦᠴᠦᠯᠡᠬᠦ﹀ ᠶᠢ ᠵᠣᠷᠢᠭᠵᠢᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠤ ᠳᠡᠳ᠋ ᠳᠠᠷᠤᠭ᠎ᠠ ᠪᠦᠦ ᠬᠠᠢ ᠹᠧᠩ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号