︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2024 ᠣᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠦᠬᠡᠷ ᠬᠤᠨᠢ ᠶᠢ ᠭᠠᠷᠭᠠᠬᠤ ᠱᠠᠩᠨᠠᠯ ᠨᠥᠬᠦᠪᠥᠷᠢ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/8/20
   ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2024 ᠣᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠦᠬᠡᠷ ᠬᠤᠨᠢ ᠶᠢ ᠭᠠᠷᠭᠠᠬᠤ ᠱᠠᠩᠨᠠᠯ ᠨᠥᠬᠦᠪᠥᠷᠢ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ   ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ᠄    ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2024 ᠣᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠦᠬᠡᠷ ᠬᠤᠨᠢᠨ ᠤ ᠭᠠᠷᠭᠠᠯᠲᠠ ᠳᠤ ᠱᠠᠩᠨᠠᠯ ᠨᠥᠬᠦᠪᠥᠷᠢ ᠶᠢᠨ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠲᠤᠭᠠᠢ᠃          2024 ᠣᠨ ᠤ 6 ᠰᠠᠷ᠎ᠠ ᠶᠢᠨ 23 ᠤ ᠡᠳᠦᠷ       ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2024 ᠣᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠦᠬᠡᠷ ᠬᠤᠨᠢ ᠭᠠᠷᠭᠠᠭᠰᠠᠨ ᠳᠤ ᠱᠠᠩᠨᠠᠯ ᠨᠥᠬᠦᠪᠥᠷᠢ ᠶᠢᠨ ᠬᠡᠷᠡᠭᠵᠢᠭᠦᠯᠬᠦ ᠲᠥᠰᠦᠯ      ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠬᠤ ᠲᠤᠬᠠᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ︽︿ᠬᠢᠩᠭᠠᠨ ᠠᠶᠢᠮᠠᠭ ᠤᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠦᠷᠭᠦᠯᠵᠢᠯᠡᠨ ᠲᠣᠭᠲᠠᠭᠤᠨ ᠢᠶᠠᠷ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠠᠵᠢᠯ ᠤᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠢ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠲᠠᠷᠬᠠᠭᠠᠭᠰᠠᠨ ﹇2020﹈ 309 ᠳ᠋ᠦ᠋ᠭᠡᠷ ᠲᠣᠭᠠᠲᠤ︶ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2024 ᠣᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠦᠬᠡᠷ ᠬᠤᠨᠢᠨ ᠤ ᠭᠠᠷᠭᠠᠯᠲᠠ ᠳᠤ ᠱᠠᠩᠨᠠᠵᠤ ᠨᠥᠬᠦᠪᠥᠷᠢ ᠥᠭᠬᠦ ᠬᠡᠷᠡᠭᠵᠢᠭᠦᠯᠬᠦ ᠲᠥᠰᠦᠯ ᠢ ᠲᠣᠭᠲᠠᠭᠠᠪᠠ᠃    ᠨᠢᠭᠡ᠂ ᠵᠢᠯᠣᠭᠤᠳᠬᠤ ᠦᠵᠡᠯ ᠰᠠᠨᠠᠭ᠎ᠠ    ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠣᠯᠤᠨ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ᠂ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ︵ᠬᠢᠨᠠᠨ ᠬᠡᠮᠵᠢᠬᠦ ᠡᠲᠡᠭᠡᠳ ᠪᠠᠭᠲᠠᠨ᠎ᠠ᠂ ᠳᠣᠷᠣᠭᠰᠢ ᠠᠳᠠᠯᠢ︶ ᠶᠢᠨ ᠣᠷᠣᠯᠭ᠎ᠠ ᠪᠠᠭᠤᠷᠠᠬᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃    ᠬᠤᠶᠠᠷ᠂ ᠱᠠᠩᠨᠠᠵᠤ ᠨᠥᠬᠦᠪᠥᠷᠢ ᠣᠯᠭᠤᠬᠤ ᠬᠡᠪᠴᠢᠶ᠎ᠡ    ᠪᠦᠬᠦ ᠬᠤᠰᠢᠭᠤᠨ ᠤ ᠬᠡᠪᠴᠢᠶᠡᠨ ᠳᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠠ ᠬᠢᠨᠠᠨ ᠰᠢᠯᠭᠠᠬᠤ ᠡᠲᠡᠭᠡᠳ᠃    ᠭᠤᠷᠪᠠ᠂ ᠱᠠᠩᠨᠠᠵᠤ ᠲᠤᠰᠠᠯᠠᠬᠤ ᠪᠠᠷᠢᠮᠵᠢᠶ᠎ᠠ    2023 ᠣᠨ ᠤ 10 ᠰᠠᠷ᠎ᠠ ᠶᠢᠨ 1 ᠤ ᠡᠳᠦᠷ ᠠᠴᠠ 2024 ᠣᠨ ᠤ 9 ᠰᠠᠷ᠎ᠠ ᠶᠢᠨ 30 ᠤ ᠡᠳᠦᠷ ᠪᠣᠯᠲᠠᠯᠠᠬᠢ ᠥᠪᠡᠷ ᠤᠨ ᠦᠬᠡᠷ ᠬᠤᠨᠢ ᠪᠠᠨ ᠬᠤᠳᠠᠯᠳᠤᠬᠤ ᠳᠤ ᠱᠠᠩᠨᠠᠯ ᠨᠥᠬᠦᠪᠥᠷᠢ ᠣᠯᠭᠤᠵᠤ᠂ 1 ᠬᠤᠨᠢ ᠶᠢ 50 ᠲᠥᠭᠦᠷᠢᠭ ᠭᠠᠷᠭᠠᠨ ᠥᠭᠴᠦ᠂ 1 ᠦᠬᠡᠷ ᠢ ᠭᠠᠷᠭᠠᠯᠲᠠ ᠳᠤ 200 ᠲᠥᠭᠦᠷᠢᠭ ᠨᠥᠬᠦᠪᠥᠷᠢᠯᠡᠵᠦ᠂ ᠡᠷᠦᠬᠡ ᠪᠦᠷᠢ ᠶᠢᠨ ᠨᠥᠬᠦᠪᠥᠷᠢ ᠶᠢᠨ ᠳᠡᠭᠡᠳᠦ ᠬᠢᠵᠠᠭᠠᠷ ᠢ 1000 ᠲᠥᠭᠦᠷᠢᠭ ᠠᠴᠠ ᠳᠠᠪᠠᠭᠤᠯᠬᠤ ᠦᠭᠡᠢ᠃    ᠳᠥᠷᠪᠡ᠂ ᠱᠠᠩᠨᠠᠵᠤ ᠲᠤᠰᠠᠯᠠᠬᠤ ᠪᠡᠯᠡ ᠮᠥᠩᠭᠦ ᠶᠢᠨ ᠢᠷᠡᠯᠲᠡ    ᠱᠠᠩᠨᠠᠯ ᠤᠨ ᠨᠥᠬᠦᠪᠥᠷᠢ ᠶᠢᠨ ᠪᠡᠯᠡ ᠮᠥᠩᠭᠦ ᠶᠢ 2024 ᠣᠨ ᠤ ᠬᠦᠷᠢᠶᠡᠨ ᠤ ᠠᠵᠤ ᠠᠬᠤᠢ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠳᠣᠲᠣᠷ᠎ᠠ ᠠᠴᠠ ᠭᠠᠷᠭᠠᠵᠤ᠂ ᠪᠦᠬᠦ ᠬᠤᠰᠢᠭᠤᠨ ᠳᠤ ᠨᠡᠶᠢᠲᠡ 400 ᠲᠦᠮᠡᠨ ᠲᠥᠭᠦᠷᠢᠭ ᠲᠣᠬᠢᠷᠠᠭᠤᠯᠵᠤ᠂ ᠨᠥᠬᠦᠵᠦ ᠳᠠᠭᠤᠰᠲᠠᠯ᠎ᠠ ᠨᠥᠬᠦᠪᠥᠷᠢᠯᠡᠨ᠎ᠡ᠃    ᠲᠠᠪᠤ᠂ ᠬᠡᠷᠡᠭᠵᠢᠭᠦᠯᠬᠦ ᠠᠯᠬᠤᠮ ᠳᠠᠷᠠᠭ᠎ᠠ    ︵ᠨᠢᠭᠡ︶᠂ ᠤᠬᠠᠭᠤᠯᠤᠨ ᠳᠠᠶᠢᠴᠢᠯᠠᠬᠤ ︵2024 ᠣᠨ ᠤ 6 ᠰᠠᠷ᠎ᠠ ᠶᠢᠨ 26 ᠤ ᠡᠳᠦᠷ ᠠᠴᠠ 7 ᠰᠠᠷ᠎ᠠ ᠶᠢᠨ 10 ᠤ ᠡᠳᠦᠷ︶ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶︶ ᠡᠯ᠎ᠡ ᠰᠤᠮᠤ ᠪᠠᠯᠭᠠᠰᠤ ᠪᠣᠯᠤᠨ ᠡᠯ᠎ᠡ ᠭᠠᠴᠠᠭ᠎ᠠ ᠶᠢ ᠵᠣᠬᠢᠶᠠᠨ ᠪᠠᠶᠢᠭᠤᠯᠤᠨ ᠸᠢᠴᠠᠲ ᠢᠶᠠᠷ ᠨᠡᠶᠢᠲᠡᠯᠡᠬᠦ᠂ ᠭᠠᠴᠠᠭᠠᠨ ᠤ ᠷᠠᠳᠢᠣ᠋ ᠨᠡᠪᠲᠡᠷᠡᠭᠦᠯᠭᠡ᠂ ᠭᠠᠴᠠᠭᠠᠨ ᠤ ᠡᠷᠦᠬᠡ ᠳᠤ ᠬᠦᠷᠴᠦ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠱᠠᠩᠨᠠᠨ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢ ᠤᠬᠠᠭᠤᠯᠵᠤ᠂ ᠪᠤᠢ ᠪᠦᠬᠦᠢ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠱᠠᠩᠨᠠᠨ ᠨᠥᠬᠦᠪᠥᠷᠢᠯᠡᠬᠦ ᠬᠦᠷᠢᠶ᠎ᠡ ᠬᠡᠪᠴᠢᠶ᠎ᠡ᠂ ᠪᠠᠷᠢᠮᠵᠢᠶ᠎ᠠ᠂ ᠮᠡᠳᠡᠭᠦᠯᠬᠦ ᠴᠤᠪᠤᠷᠠᠯ᠂ ᠨᠥᠬᠦᠪᠥᠷᠢ ᠶᠢᠨ ᠪᠡᠯᠡ ᠮᠥᠩᠭᠦ ᠲᠠᠷᠬᠠᠭᠠᠬᠤ ᠵᠡᠷᠭᠡ ᠭᠤᠣᠯ ᠠᠭᠤᠯᠭ᠎ᠠ ᠶᠢ ᠣᠶᠢᠯᠠᠭᠠᠬᠤ ᠶᠢ ᠦᠨᠡᠨᠬᠦ ᠪᠠᠲᠤᠯᠠᠵᠤ᠂ ᠡᠭᠦᠨ ᠳᠤ ᠢᠳᠡᠪᠬᠢᠲᠡᠢ ᠣᠷᠣᠯᠴᠠᠵᠤ᠂ ᠦᠬᠡᠷ ᠬᠤᠨᠢᠨ ᠤ ᠭᠠᠷᠭᠠᠯᠲᠠ ᠪᠠᠷ ᠳᠠᠮᠵᠢᠭᠤᠯᠤᠨ ᠦᠢᠯᠡᠳᠪᠦᠷᠢᠯᠡᠯ ᠡᠵᠡᠩᠨᠡᠯᠲᠡ ᠶᠢᠨ ᠴᠢᠨᠠᠷᠲᠠᠢ ᠣᠷᠣᠯᠭ᠎ᠠ ᠶᠢ ᠨᠡᠮᠡᠭᠳᠡᠭᠦᠯᠪᠡ᠃    ︵ᠬᠤᠶᠠᠷ ᠲᠤ︶᠂ ᠪᠠᠶᠢᠳᠠᠯ ᠢ ᠣᠶᠢᠯᠠᠭᠠᠬᠤ ᠪᠠ ᠬᠥᠲᠥᠯᠥᠨ ᠵᠢᠯᠣᠭᠤᠳᠴᠤ ᠪᠠᠶᠢᠭᠠᠳ ᠰᠢᠢᠳᠪᠦᠷᠢᠯᠡᠨ᠎ᠡ᠃ ᠡᠯ᠎ᠡ ᠰᠤᠮᠤ ᠪᠠᠯᠭᠠᠰᠤ ᠡᠯ᠎ᠡ ᠭᠠᠴᠠᠭ᠎ᠠ ᠶᠢ ᠵᠣᠬᠢᠶᠠᠨ ᠪᠠᠶᠢᠭᠤᠯᠤᠨ ᠭᠤᠷᠪᠠᠳᠤᠭᠠᠷ ᠤᠯᠠᠷᠢᠯ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠬᠤ ᠠᠵᠢᠯ ᠲᠠᠢ ᠤᠶᠠᠯᠳᠤᠭᠤᠯᠤᠨ᠂ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠭᠦᠨᠵᠡᠭᠡᠶᠢᠷᠡᠨ ᠦᠬᠡᠷ ᠬᠤᠨᠢᠨ ᠤ ᠭᠠᠷᠭᠠᠯᠲᠠ ᠶᠢᠨ ᠪᠠᠶᠢᠳᠠᠯ ᠪᠣᠯᠤᠨ ᠤᠷᠢᠳᠴᠢᠯᠠᠨ ᠭᠠᠷᠭᠠᠭᠰᠠᠨ ᠪᠠᠶᠢᠳᠠᠯ ᠢ ᠪᠠᠶᠢᠴᠠᠭᠠᠨ ᠪᠦᠷᠢᠳᠬᠡᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠦᠬᠡᠷ ᠬᠤᠨᠢ ᠶᠢ ᠭᠠᠷᠭᠠᠬᠤ ᠪᠠ ᠤᠷᠢᠳᠴᠢᠯᠠᠨ ᠭᠠᠷᠭᠠᠬᠤ ᠡᠬᠡ ᠳᠠᠩᠰᠠ ᠶᠢ ᠪᠠᠶᠢᠭᠤᠯᠪᠠ᠃ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠦᠬᠡᠷ ᠬᠤᠨᠢ ᠶᠢ ᠤᠷᠢᠳᠴᠢᠯᠠᠨ ᠬᠤᠳᠠᠯᠳᠤᠬᠤ ᠡᠬᠡ ᠳᠠᠩᠰᠠ ᠶᠢᠨ ᠶᠣᠰᠣᠭᠠᠷ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠬᠠᠪᠰᠤᠷᠤᠨ ᠠᠵᠤ ᠠᠬᠤᠶᠢᠯᠠᠯ ︵ᠪᠤᠶᠤ ᠬᠤᠪᠢ ᠬᠥᠮᠦᠨ ᠢ ᠬᠤᠳᠠᠯᠳᠤᠨ ᠠᠪᠬᠤ︶︶ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠵᠣᠬᠢᠶᠠᠨ ᠪᠠᠶᠢᠭᠤᠯᠤᠨ ᠴᠠᠭ ᠲᠤᠬᠠᠢ ᠳᠤᠨᠢ ᠦᠬᠡᠷ ᠬᠤᠨᠢ ᠶᠢ ᠬᠤᠳᠠᠯᠳᠤᠪᠠ᠃ 2024 ᠣᠨ ᠤ 9 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ ᠡᠳᠦᠷ ᠪᠣᠯᠲᠠᠯ᠎ᠠ ᠬᠤᠳᠠᠯᠳᠤᠭᠰᠠᠨ ᠪᠠᠶᠢᠪᠠᠯ᠂ ᠣᠨᠴᠠᠭᠠᠢ ᠬᠡᠷᠡᠭ ᠤᠨ ᠵᠢᠱᠢᠶ᠎ᠡ ᠶᠢ ᠰᠤᠮᠤ ᠪᠠᠯᠭᠠᠰᠤ ᠠᠴᠠ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠤᠭᠰᠠᠨ ᠤ ᠳᠠᠷᠠᠭ᠎ᠠ ᠬᠠᠮᠢᠶ᠎ᠠ ᠪᠦᠬᠦᠢ ᠭᠠᠷᠳᠠᠮ ᠢ ᠭᠦᠢᠴᠡᠳᠬᠡᠨ᠎ᠡ᠃    ︵ᠭᠤᠷᠪᠠ ᠳᠤ︶᠂ ᠲᠠᠷᠢᠶᠠᠴᠢᠨ ᠡᠷᠦᠬᠡ ᠭᠤᠶᠤᠴᠢᠯᠠᠨ᠎ᠠ ︵2024 ᠣᠨ ᠤ 7 ᠰᠠᠷ᠎ᠠ ᠶᠢᠨ 11 ᠤ ᠡᠳᠦᠷ ᠠᠴᠠ 8 ᠰᠠᠷ᠎ᠠ ᠶᠢᠨ 31 ᠤ ᠡᠳᠦᠷ︶᠃ ᠡᠯ᠎ᠡ ᠰᠤᠮᠤ ᠪᠠᠯᠭᠠᠰᠤ ᠪᠣᠯᠤᠨ ᠭᠠᠴᠠᠭ᠎ᠠ ᠲᠣᠰᠬᠤᠨ ᠦᠬᠡᠷ ᠬᠤᠨᠢ ᠭᠠᠷᠭᠠᠵᠤ ᠪᠣᠷᠣᠯᠠᠭᠤᠯᠬᠤ ᠳᠤ ᠣᠷᠣᠯᠴᠠᠭᠰᠠᠨ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠪᠢᠴᠢᠭ ᠢᠶᠠᠷ ᠭᠤᠶᠤᠴᠢᠯᠠᠯ ᠭᠠᠷᠭᠠᠵᠤ᠂ ᠨᠢᠭᠡᠨᠲᠡ ᠦᠬᠡᠷ ᠬᠤᠨᠢ ᠠᠷᠠᠯᠵᠢᠶᠠᠯᠠᠵᠤ ᠪᠣᠷᠣᠯᠠᠭᠤᠯᠤᠭᠰᠠᠨ ᠡᠷᠦᠬᠡ ᠶᠢᠨ ᠭᠡᠷᠡᠴᠢ ᠮᠠᠲ᠋ᠧᠷᠢᠶᠠᠯ ᠢ ᠴᠤᠭᠯᠠᠭᠤᠯᠵᠤ ᠴᠤᠭᠯᠠᠭᠤᠯᠪᠠ᠂ ᠡᠭᠦᠨ ᠳᠤ ᠬᠤᠳᠠᠯᠳᠤᠨ ᠠᠪᠤᠭᠴᠢ ︵ᠨᠢᠭᠡᠴᠡ︶ ᠳᠤ ᠬᠢᠵᠠᠭᠠᠷᠯᠠᠭᠳᠠᠬᠤ ᠦᠭᠡᠢ ᠬᠤᠳᠠᠯᠳᠤᠨ ᠠᠪᠤᠭᠰᠠᠨ ᠭᠡᠷᠡᠴᠢ ᠪᠠᠷᠢᠮᠲᠠ᠂ ᠭᠠᠴᠠᠭᠠᠨ ᠤ ᠵᠥᠪᠯᠡᠯ ᠤᠨ ᠪᠢᠴᠢᠵᠦ ᠭᠠᠷᠭᠠᠭᠰᠠᠨ ᠦᠬᠡᠷ ᠬᠤᠨᠢ ᠬᠤᠳᠠᠯᠳᠤᠭᠰᠠᠨ ᠭᠡᠷᠡᠴᠢ ᠪᠠᠷᠢᠮᠲᠠ᠂ ᠦᠬᠡᠷ ᠬᠤᠨᠢ ᠬᠤᠳᠠᠯᠳᠤᠭᠰᠠᠨ ᠲᠠᠷᠢᠶᠠᠴᠢᠨ ᠡᠷᠦᠬᠡ ᠪᠡᠯᠡ ᠮᠥᠩᠭᠦ ᠠᠷᠠᠯᠵᠢᠶᠠᠯᠠᠭᠰᠠᠨ ᠭᠡᠷᠡᠴᠢ ᠪᠠᠷᠢᠮᠲᠠ ︵ᠪᠡᠯᠡᠨ ᠵᠣᠭᠤᠰ ᠤᠨ ᠪᠠᠷᠢᠮᠲᠠ ᠪᠤᠶᠤ ᠸᠢᠴᠠᠲ ᠤᠨ ᠲᠠᠩᠰᠠ ᠰᠢᠯᠵᠢᠭᠦᠯᠦᠭᠰᠡᠨ ᠲᠡᠮᠳᠡᠭᠯᠡᠯ ᠵᠡᠷᠭᠡ ᠪᠠᠭᠲᠠᠨ᠎ᠠ᠃︶ ᠬᠦᠯᠢᠶᠡᠵᠦ ᠪᠠᠶᠢᠭᠠᠷᠠᠢ᠃ 2024 ᠣᠨ ᠤ 9 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ ᠡᠳᠦᠷ ᠪᠣᠯᠲᠠᠯ᠎ᠠ ᠬᠤᠳᠠᠯᠳᠤᠭᠰᠠᠨ ᠪᠠᠶᠢᠪᠠᠯ᠂ ᠣᠨᠴᠠᠭᠠᠢ ᠬᠡᠷᠡᠭ ᠤᠨ ᠵᠢᠱᠢᠶ᠎ᠡ ᠶᠢ ᠰᠤᠮᠤ ᠪᠠᠯᠭᠠᠰᠤ ᠪᠠ ᠭᠠᠴᠠᠭ᠎ᠠ ᠠᠴᠠ ᠬᠠᠮᠢᠶ᠎ᠠ ᠪᠦᠬᠦᠢ ᠭᠠᠷᠳᠠᠮ ᠢ ᠭᠦᠢᠴᠡᠳᠬᠡᠪᠡ᠃    ︵ᠳᠥᠷᠪᠡ ᠳᠤ︶᠂ ᠰᠤᠭᠤᠴᠢᠨ ᠪᠠᠶᠢᠴᠠᠭᠠᠵᠤ ᠰᠢᠯᠭᠠᠨ ᠠᠪᠬᠤ ᠪᠠ ᠬᠢᠨᠠᠨ ᠬᠠᠷᠭᠤᠭᠤᠯᠤᠨ᠎ᠠ ︵2024 ᠣᠨ ᠤ 8 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 10 ᠤ ᠡᠳᠦᠷ︶᠃ ᠭᠠᠴᠠᠭ᠎ᠠ ᠦᠬᠡᠷ ᠬᠤᠨᠢᠨ ᠤ ᠭᠠᠷᠭᠠᠯᠲᠠ ᠳᠤ ᠭᠠᠷᠭᠠᠭᠰᠠᠨ ᠨᠥᠬᠦᠪᠥᠷᠢ ᠶᠢ ᠭᠤᠶᠤᠴᠢᠯᠠᠭᠰᠠᠨ ᠪᠤᠢ ᠪᠦᠬᠦᠢ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠪᠦᠬᠦ ᠲᠠᠯ᠎ᠠ ᠪᠠᠷ ᠰᠢᠯᠭᠠᠨ ᠠᠪᠬᠤ ᠶᠢ ᠬᠠᠷᠢᠭᠤᠴᠠᠵᠤ᠂ ᠰᠢᠯᠭᠠᠨ ᠠᠪᠤᠭᠰᠠᠨ ᠦᠷ᠎ᠡ ᠳ᠋ᠦᠩ ᠢ ᠲᠤᠰ ᠭᠠᠴᠠᠭᠠᠨ ᠳᠤ 5 ᠡᠳᠦᠷ ᠤᠨ ᠳᠠᠷᠠᠭ᠎ᠠ ᠵᠠᠷᠯᠠᠨ ᠨᠡᠶᠢᠲᠡᠯᠡᠭᠰᠡᠨ ᠤ ᠳᠠᠷᠠᠭ᠎ᠠ᠂ ᠰᠢᠯᠭᠠᠨ ᠠᠪᠤᠭᠰᠠᠨ ᠦᠷ᠎ᠡ ᠳ᠋ᠦᠩ ᠢᠶᠠᠨ ᠰᠤᠮᠤ ᠪᠠᠯᠭᠠᠰᠤᠨ ᠳᠤ ᠮᠡᠳᠡᠭᠦᠯᠦᠨ᠎ᠡ᠃ ᠰᠤᠮᠤ ᠪᠠᠯᠭᠠᠰᠤ ᠨᠢ 30% ᠶᠢᠨ ᠬᠠᠷᠢᠴᠠᠯ ᠠᠴᠠ ᠳᠣᠣᠷ᠎ᠠ ᠦᠭᠡᠢ ᠬᠠᠷᠢᠴᠠᠯ ᠢᠶᠠᠷ ᠰᠣᠩᠭᠤᠨ ᠰᠢᠯᠭᠠᠵᠤ᠂ ᠰᠤᠭᠤᠴᠢᠨ ᠰᠢᠯᠭᠠᠭᠰᠠᠨ ᠦᠷ᠎ᠡ ᠳ᠋ᠦᠩ ᠢᠶᠠᠨ 9 ᠰᠠᠷ᠎ᠠ ᠶᠢᠨ 10 ᠤ ᠡᠳᠦᠷ ᠠᠴᠠ ᠡᠮᠦᠨ᠎ᠡ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠳᠤ ᠮᠡᠳᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶︶ ᠬᠢᠨᠠᠨ ᠬᠠᠷᠭᠤᠭᠤᠯᠤᠭᠰᠠᠨ ᠤ ᠳᠠᠷᠠᠭ᠎ᠠ ᠱᠠᠩᠨᠠᠯ ᠨᠥᠬᠦᠪᠥᠷᠢ ᠶᠢᠨ ᠠᠯᠪᠠᠨ ᠵᠠᠷ ᠨᠡᠶᠢᠲᠡᠯᠡᠨ᠎ᠡ᠃ 2024 ᠣᠨ ᠤ 9 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ ᠡᠳᠦᠷ ᠪᠣᠯᠲᠠᠯ᠎ᠠ ᠬᠤᠳᠠᠯᠳᠤᠭᠰᠠᠨ ᠪᠠᠶᠢᠪᠠᠯ᠂ ᠣᠨᠴᠠᠭᠠᠢ ᠬᠡᠷᠡᠭ ᠤᠨ ᠵᠢᠱᠢᠶ᠎ᠡ ᠶᠢ ᠰᠤᠮᠤ ᠪᠠᠯᠭᠠᠰᠤ ᠪᠠ ᠭᠠᠴᠠᠭ᠎ᠠ ᠲᠣᠰᠬᠤᠨ ᠠᠴᠠ ᠬᠠᠮᠢᠶ᠎ᠠ ᠪᠦᠬᠦᠢ ᠰᠢᠯᠭᠠᠨ ᠠᠪᠬᠤ ᠭᠠᠷ ᠭᠦᠢᠴᠡᠳᠬᠡᠯ ᠬᠢᠵᠦ ᠥᠭᠭᠦᠨ᠎ᠡ᠃    ︵ᠲᠠᠪᠤ ᠳᠤ︶᠂ ᠪᠡᠯᠡ ᠮᠥᠩᠭᠦ ᠶᠢ ᠪᠡᠶᠡᠯᠡᠭᠦᠯᠦᠨ᠎ᠡ ︵2024 ᠣᠨ ᠤ 9 ᠰᠠᠷ᠎ᠠ ᠶᠢᠨ 10 ᠤ ᠡᠳᠦᠷ ᠠᠴᠠ 9 ᠰᠠᠷ᠎ᠠ ᠶᠢᠨ 30 ᠤ ᠡᠳᠦᠷ︶᠃ ᠭᠠᠴᠠᠭ᠎ᠠ ᠰᠢᠯᠭᠠᠨ ᠠᠪᠬᠤ᠂ ᠰᠤᠮᠤ ᠪᠠᠯᠭᠠᠰᠤ ᠶᠢ ᠰᠣᠩᠭᠤᠨ ᠰᠢᠯᠭᠠᠬᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠶᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠰᠤᠮᠤ ᠪᠠᠯᠭᠠᠰᠤ ᠠᠴᠠ ᠱᠠᠩᠨᠠᠯ ᠨᠥᠬᠦᠪᠥᠷᠢ ᠶᠢᠨ ᠪᠡᠯᠡ ᠮᠥᠩᠭᠦ ᠶᠢ ᠪᠡᠯᠡᠨ ᠮᠥᠩᠭᠦ ᠰᠢᠯᠵᠢᠭᠦᠯᠦᠨ ᠠᠪᠬᠤ ᠭᠤᠶᠤᠴᠢᠯᠠᠯ ᠭᠠᠷᠭᠠᠵᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠶᠢ ᠬᠢᠨᠠᠨ ᠬᠠᠷᠭᠤᠭᠤᠯᠪᠠ᠃︶ ᠬᠤᠷᠢᠶᠠᠩᠭᠤᠶᠢᠯᠠᠭᠰᠠᠨ ᠤ ᠳᠠᠷᠠᠭ᠎ᠠ᠂ ᠬᠤᠰᠢᠭᠤᠨ ᠤ ᠵᠠᠰᠠᠭ ᠤᠨ ᠣᠷᠳᠣᠨ ᠳᠤ ᠳᠡᠪᠰᠢᠭᠦᠯᠦᠨ ᠬᠢᠨᠠᠨ ᠵᠥᠪᠰᠢᠶᠡᠷᠡᠭᠦᠯᠬᠦ ᠰᠠᠨᠠᠯ ᠤᠨ ᠶᠣᠰᠣᠭᠠᠷ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ ᠪᠡᠯᠡ ᠮᠥᠩᠭᠦ ᠰᠠᠯᠭᠠᠨ ᠥᠭᠭᠦᠨ᠎ᠡ᠃    ᠵᠢᠷᠭᠤᠭ᠎ᠠ᠂ ᠪᠠᠲᠤᠯᠠᠬᠤ ᠠᠷᠭ᠎ᠠ ᠬᠡᠮᠵᠢᠶ᠎ᠡ    ︵ᠨᠢᠭᠡ᠂ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠬᠤ ᠬᠡᠷᠡᠭᠲᠡᠢ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶︶ ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠪᠡᠯᠡ ᠮᠥᠩᠭᠦ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠱᠠᠩᠨᠠᠨ ᠨᠥᠬᠦᠪᠥᠷᠢᠯᠡᠬᠦ ᠪᠡᠯᠡ ᠮᠥᠩᠭᠦ ᠶᠢ ᠴᠠᠭ ᠲᠤᠬᠠᠢ ᠳᠤᠨᠢ ᠭᠦᠢᠴᠡᠳ ᠲᠤᠭ᠎ᠠ ᠪᠠᠷ ᠣᠯᠭᠤᠬᠤ ᠶᠢ ᠪᠠᠲᠤᠯᠠᠬᠤ ᠬᠡᠷᠡᠭᠲᠡᠢ᠃ ᠡᠯ᠎ᠡ ᠰᠤᠮᠤ ᠪᠠᠯᠭᠠᠰᠤ ᠨᠢ ᠳᠥᠷᠪᠡᠳᠦᠭᠡᠷ ᠤᠯᠠᠷᠢᠯ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠢ ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ᠂ ᠦᠬᠡᠷ ᠬᠤᠨᠢᠨ ᠤ ᠭᠠᠷᠭᠠᠯᠲᠠ ᠶᠢᠨ ᠣᠷᠣᠯᠭ᠎ᠠ ᠶᠢ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠴᠢᠨᠠᠷᠲᠠᠢ ᠣᠷᠣᠯᠭ᠎ᠠ ᠳᠤ ᠴᠠᠭ ᠲᠤᠬᠠᠢ ᠳᠤᠨᠢ ᠣᠷᠣᠭᠤᠯᠤᠨ᠂ ᠱᠠᠩᠨᠠᠯ ᠨᠥᠬᠦᠪᠥᠷᠢ ᠶᠢᠨ ᠪᠡᠯᠡ ᠮᠥᠩᠭᠦ ᠶᠢ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠰᠢᠯᠵᠢᠯᠲᠡ ᠶᠢᠨ ᠴᠢᠨᠠᠷᠲᠠᠢ ᠣᠷᠣᠯᠭ᠎ᠠ ᠶᠢᠨ ᠳᠣᠲᠣᠷᠠᠬᠢ ᠠᠵᠤ ᠦᠢᠯᠡᠰ ᠤᠨ ᠱᠠᠩᠨᠠᠯ ᠨᠥᠬᠦᠪᠥᠷᠢ ᠳᠤ ᠪᠣᠳᠣᠵᠤ ᠣᠷᠣᠭᠤᠯᠬᠤ ᠶᠢᠨ ᠬᠠᠮᠲᠤ ᠪᠤᠰᠤᠳ ᠡᠯ᠎ᠡ ᠵᠦᠢᠯ ᠤᠨ ᠣᠷᠣᠯᠭ᠎ᠠ ᠶᠢ ᠨᠠᠷᠢᠨ ᠬᠢᠨᠠᠮᠠᠭᠠᠢ ᠬᠢᠨᠠᠨ ᠪᠣᠳᠣᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠲᠣᠭᠲᠠᠭᠤᠨ ᠤ ᠳᠤᠮᠳᠠ ᠨᠡᠮᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠢ᠃    ︵ᠬᠤᠶᠠᠷ︶ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠬᠤ ᠬᠡᠷᠡᠭᠲᠡᠢ᠃ ᠡᠯ᠎ᠡ ᠰᠤᠮᠤ ᠪᠠᠯᠭᠠᠰᠤ ᠨᠢ ᠦᠬᠡᠷ ᠬᠤᠨᠢᠨ ᠤ ᠭᠠᠷᠭᠠᠯᠲᠠ ᠳᠤ ᠱᠠᠩᠨᠠᠬᠤ ᠨᠥᠬᠦᠪᠥᠷᠢ ᠶᠢᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠡᠬᠡᠯᠡᠨ ᠨᠥᠬᠦᠪᠥᠷᠢᠯᠡᠬᠦ᠂ ᠢᠵᠢ ᠪᠦᠷᠢᠳᠦᠭᠦᠯᠦᠨ ᠨᠥᠬᠦᠪᠥᠷᠢᠯᠡᠬᠦ ᠦᠵᠡᠭᠳᠡᠯ ᠡᠭᠦᠰᠬᠦ ᠶᠢ ᠡᠬᠢ ᠡᠭᠦᠰᠦᠯ ᠠᠴᠠ ᠨᠢ ᠡᠵᠡᠮᠳᠡᠬᠦ ᠬᠡᠷᠡᠭᠲᠡᠢ᠃ ᠱᠠᠩᠨᠠᠯ ᠤᠨ ᠨᠥᠬᠦᠪᠥᠷᠢ ᠶᠢᠨ ᠪᠡᠯᠡ ᠮᠥᠩᠭᠦ ᠶᠢ ᠮᠡᠬᠡᠯᠡᠨ ᠠᠪᠤᠭᠰᠠᠨ᠂ ᠮᠡᠬᠡᠯᠡᠨ ᠠᠪᠤᠭᠰᠠᠨ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠪᠠᠶᠢᠴᠠᠭᠠᠨ ᠲᠣᠳᠣᠯᠠᠭᠰᠠᠨ ᠤ ᠳᠠᠷᠠᠭ᠎ᠠ᠂ ᠨᠢᠭᠡᠨᠲᠡ ᠪᠣᠳᠠᠲᠠᠶᠢᠵᠢᠭᠤᠯᠤᠭᠰᠠᠨ ᠱᠠᠩᠨᠠᠯ ᠤᠨ ᠪᠡᠯᠡ ᠮᠥᠩᠭᠦ ᠶᠢ ᠨᠢ ᠬᠤᠷᠢᠶᠠᠨ ᠠᠪᠬᠤ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠤᠯᠢ ᠰᠠᠬᠢᠯᠭ᠎ᠠ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号