︽2024 ᠣᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠠ ᠬᠢᠨᠠᠨ ᠬᠡᠮᠵᠢᠭᠰᠡᠨ ᠡᠲᠡᠭᠡᠳ ᠤᠨ ᠣᠷᠣᠯᠭ᠎ᠠ ᠶᠢ ᠨᠡᠮᠡᠭᠳᠡᠭᠦᠯᠦᠨ ᠬᠤᠪᠢ ᠬᠤᠷᠠᠮᠳᠤᠭᠤᠯᠬᠤ ᠳᠦᠷᠢᠮ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/8/20
   ︽2024 ᠣᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠠ ᠬᠢᠨᠠᠨ ᠬᠡᠮᠵᠢᠭᠰᠡᠨ ᠡᠲᠡᠭᠡᠳ ᠤᠨ ᠣᠷᠣᠯᠭ᠎ᠠ ᠶᠢ ᠨᠡᠮᠡᠭᠳᠡᠭᠦᠯᠦᠨ ᠬᠤᠪᠢ ᠬᠤᠷᠠᠮᠳᠤᠭᠤᠯᠬᠤ ᠳᠦᠷᠢᠮ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ   ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ᠄    ︽2024 ᠣᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠠ ᠬᠢᠨᠠᠨ ᠬᠡᠮᠵᠢᠭᠰᠡᠨ ᠡᠲᠡᠭᠡᠳ ᠤᠨ ᠣᠷᠣᠯᠭ᠎ᠠ ᠶᠢ ᠨᠡᠮᠡᠭᠳᠡᠭᠦᠯᠦᠨ ᠬᠤᠪᠢ ᠬᠤᠷᠠᠮᠳᠤᠭᠤᠯᠬᠤ ᠳᠦᠷᠢᠮ ᠤᠨ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠲᠤᠭᠠᠢ᠃          2024 ᠣᠨ ᠤ 6 ᠰᠠᠷ᠎ᠠ ᠶᠢᠨ 23 ᠤ ᠡᠳᠦᠷ      2024 ᠣᠨ ᠳᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠠ ᠬᠢᠨᠠᠨ ᠬᠡᠮᠵᠢᠬᠦ ᠡᠲᠡᠭᠡᠳ ᠤᠨ ᠣᠷᠣᠯᠭ᠎ᠠ ᠶᠢ ᠨᠡᠮᠡᠭᠳᠡᠭᠦᠯᠦᠨ ᠬᠤᠪᠢ ᠬᠤᠷᠠᠮᠳᠤᠭᠤᠯᠬᠤ ᠳᠦᠷᠢᠮ ᠤᠨ ᠬᠡᠷᠡᠭᠵᠢᠭᠦᠯᠬᠦ ᠲᠥᠰᠦᠯ      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠣᠯᠤᠨ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ᠂ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ︵ᠬᠢᠨᠠᠨ ᠬᠡᠮᠵᠢᠬᠦ ᠡᠲᠡᠭᠡᠳ ᠪᠠᠭᠲᠠᠨ᠎ᠠ᠂ ᠳᠣᠷᠣᠭᠰᠢ ᠠᠳᠠᠯᠢ︶ ᠶᠢᠨ ᠣᠷᠣᠯᠭ᠎ᠠ ᠪᠠᠭᠤᠷᠠᠬᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠠ ᠬᠢᠨᠠᠨ ᠬᠡᠮᠵᠢᠬᠦ ᠡᠲᠡᠭᠡᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠵᠣᠷᠢᠭᠵᠢᠭᠤᠯᠵᠤ᠂ ᠪᠦᠬᠦ ᠬᠤᠰᠢᠭᠤᠨ ᠤ ᠬᠡᠪᠴᠢᠶᠡᠨ ᠳᠤ ᠣᠷᠣᠯᠭ᠎ᠠ ᠶᠢ ᠨᠡᠮᠡᠭᠳᠡᠭᠦᠯᠦᠨ ᠬᠤᠪᠢ ᠬᠤᠷᠠᠮᠳᠤᠭᠤᠯᠬᠤ ᠳᠦᠷᠢᠮ ᠢ ᠬᠡᠷᠡᠭᠵᠢᠭᠦᠯᠬᠦ ᠪᠠᠷ ᠲᠥᠯᠥᠪᠯᠡᠵᠦ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠤᠰ ᠲᠥᠰᠦᠯ ᠢ ᠲᠣᠭᠲᠠᠭᠠᠪᠠ᠃    ᠨᠢᠭᠡ᠂ ᠬᠡᠷᠡᠭᠵᠢᠭᠦᠯᠬᠦ ᠬᠡᠪᠴᠢᠶ᠎ᠡ    2024 ᠣᠨ ᠤ ᠬᠥᠮᠦᠨ ᠳᠤᠮᠳᠠᠴᠢ ᠶᠢᠨ ᠴᠡᠪᠡᠷ ᠣᠷᠣᠯᠭ᠎ᠠ ᠲᠠᠢ ᠬᠠᠷᠢᠴᠠᠭᠤᠯᠪᠠᠯ 2023 ᠣᠨ ᠤ ᠬᠥᠮᠦᠨ ᠳᠤᠮᠳᠠᠴᠢ ᠶᠢᠨ ᠴᠡᠪᠡᠷ ᠣᠷᠣᠯᠭ᠎ᠠ ᠶᠢᠨ ᠨᠡᠮᠡᠭᠳᠡᠯ ᠤᠨ ᠨᠣᠷᠮ᠎ᠠ ᠨᠢ 5% ᠠᠴᠠ ᠬᠡᠲᠦᠷᠡᠭᠰᠡᠨ ᠪᠤᠢ ᠪᠦᠬᠦᠢ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠠ ᠬᠢᠨᠠᠨ ᠬᠡᠮᠵᠢᠭᠰᠡᠨ ᠡᠲᠡᠭᠡᠳ ᠲᠤ ᠬᠤᠪᠢ ᠥᠭᠴᠦ ᠱᠠᠩᠨᠠᠨ᠎ᠠ᠃    ᠬᠤᠶᠠᠷ᠂ ᠬᠤᠪᠢ ᠲᠡᠮᠳᠡᠭᠯᠡᠬᠦ ᠪᠠᠷᠢᠮᠵᠢᠶ᠎ᠠ ᠪᠠ ᠮᠠᠲ᠋ᠧᠷᠢᠶᠠᠯ ᠮᠡᠳᠡᠭᠦᠯᠬᠦ    ︵ᠨᠢᠭᠡ᠃ ᠬᠤᠪᠢ ᠲᠡᠮᠳᠡᠭᠯᠡᠬᠦ ᠪᠠᠷᠢᠮᠵᠢᠶ᠎ᠠ᠃ 2024 ᠣᠨ ᠳᠤ 2023 ᠣᠨ ᠳᠤ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ ᠶᠢᠨ ᠨᠡᠮᠡᠭᠳᠡᠯ ᠤᠨ ᠨᠣᠷᠮ᠎ᠠ ᠲᠠᠢ ᠬᠠᠷᠢᠴᠠᠭᠤᠯᠵᠤ 5% ᠪᠠᠷ ᠰᠠᠭᠤᠷᠢ ᠬᠤᠪᠢ 300 ᠬᠤᠪᠢ ᠣᠯᠭᠤᠨ᠎ᠠ᠂ 5% ᠠᠴᠠ ᠪᠠᠭ᠎ᠠ ᠪᠣᠯ ᠬᠤᠪᠢ ᠥᠭᠬᠦ ᠦᠭᠡᠢ᠂ ᠨᠡᠮᠡᠭᠳᠡᠯ ᠤᠨ ᠨᠣᠷᠮ᠎ᠠ ᠨᠢ 5% ᠠᠴᠠ ᠬᠡᠲᠦᠷᠡᠵᠦ ᠪᠣᠯᠬᠤ ᠦᠭᠡᠢ᠂ 1% ᠪᠠᠷ ᠳᠡᠭᠡᠭᠰᠢᠯᠡᠵᠦ᠂ ᠬᠤᠪᠢ ᠪᠦᠷᠢ ᠶᠢ 50 ᠬᠤᠪᠢ ᠨᠡᠮᠡᠭᠳᠡᠭᠦᠯᠵᠦ᠂ ᠡᠷᠦᠬᠡ ᠪᠦᠷᠢ ᠶᠢᠨ ᠬᠠᠮᠤᠭ ᠤᠨ ᠥᠨᠳᠥᠷ ᠬᠤᠪᠢ ᠶᠢᠨ ᠬᠢᠵᠠᠭᠠᠷ ᠲᠤᠭ᠎ᠠ 600 ᠬᠤᠪᠢ ︵ᠪᠣᠳᠠᠲᠠᠢ ᠪᠠᠷᠢᠮᠵᠢᠶ᠎ᠠ ᠶᠢ ᠳᠠᠭᠠᠯᠳᠤᠭᠤᠯᠤᠯ ᠳᠤ ᠦᠵᠡᠭᠡᠷᠡᠢ 1︶︶ ︽ᠵᠠ︾ ᠭᠡᠳ 2024 ᠣᠨ ᠤ 10 ᠰᠠᠷ᠎ᠠ ᠶᠢᠨ 1 ᠤ ᠡᠳᠦᠷ ᠠᠴᠠ 2024 ᠣᠨ ᠤ 9 ᠰᠠᠷ᠎ᠠ ᠶᠢᠨ 30 ᠤ ᠡᠳᠦᠷ ᠪᠣᠯᠲᠠᠯ᠎ᠠ᠂ 2023 ᠣᠨ ᠤ ᠬᠥᠮᠦᠨ ᠳᠤᠮᠳᠠᠴᠢ ᠶᠢᠨ ᠴᠡᠪᠡᠷ ᠣᠷᠣᠯᠭ᠎ᠠ ᠶᠢ ᠪᠦᠬᠦ ᠤᠯᠤᠰ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠪᠠ ᠵᠣᠯᠭᠠᠭᠤᠯᠤᠨ ᠠᠬᠢᠭᠤᠯᠬᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠮᠡᠳᠡᠭᠡ ᠵᠠᠩᠭᠢ ᠶᠢᠨ ᠰᠢᠰᠲ᠋ᠧᠮ ᠢᠶᠠᠷ ᠪᠠᠷᠢᠮᠵᠢᠶ᠎ᠠ ᠪᠣᠯᠭᠠᠨ᠎ᠠ᠃    ︵ᠬᠤᠶᠠᠷ︶ ᠮᠠᠲ᠋ᠧᠷᠢᠶᠠᠯ ᠮᠡᠳᠡᠭᠦᠯᠬᠦ᠃ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠬᠦ ᠡᠲᠡᠭᠡᠳ ᠬᠤᠪᠢ ᠬᠤᠷᠠᠮᠳᠤᠭᠤᠯᠵᠤ ᠣᠷᠣᠯᠭ᠎ᠠ ᠨᠡᠮᠡᠭᠳᠡᠭᠦᠯᠬᠦ ᠭᠤᠶᠤᠴᠢᠯᠠᠯ ᠤᠨ ᠬᠦᠰᠦᠨᠦᠭᠲᠦ ᠶᠢ ᠲᠠᠭᠯᠠᠨ ᠮᠡᠳᠡᠭᠦᠯᠬᠦ ᠴᠢᠬᠤᠯᠠᠲᠠᠢ ᠪᠥᠭᠡᠳ ᠦᠢᠯᠡᠳᠪᠦᠷᠢᠯᠡᠯ ᠡᠵᠡᠩᠨᠡᠯᠲᠡ ᠶᠢᠨ ᠴᠢᠨᠠᠷᠲᠠᠢ ᠣᠷᠣᠯᠭ᠎ᠠ᠂ ᠨᠡᠶᠢᠲᠡ ᠶᠢᠨ ᠠᠰᠠᠷᠠᠮᠵᠢ ᠶᠢᠨ ᠪᠤᠰᠤ ᠴᠢᠨᠠᠷᠲᠠᠢ ᠠᠵᠢᠯ ᠤᠨ ᠪᠠᠶᠢᠷᠢ ᠶᠢᠨ ᠴᠠᠯᠢᠩ ᠤᠨ ᠴᠢᠨᠠᠷᠲᠠᠢ ᠣᠷᠣᠯᠭ᠎ᠠ᠂ ᠡᠳ᠋ ᠬᠥᠷᠥᠩᠭᠡ ᠶᠢᠨ ᠪᠤᠰᠤ ᠠᠰᠢᠭ ᠣᠷᠣᠯᠭ᠎ᠠ ᠬᠤᠪᠢᠶᠠᠷᠢᠯᠠᠭᠰᠠᠨ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ᠂ ᠠᠰᠠᠷᠠᠨ ᠲᠡᠵᠢᠭᠡᠬᠦ ᠵᠠᠷᠤᠳᠠᠯ ᠤᠨ ᠣᠷᠣᠯᠭ᠎ᠠ ᠶᠢᠨ ᠭᠡᠷᠡᠯ ᠵᠢᠷᠤᠭ᠂ ᠲᠠᠰᠤᠯᠳᠠᠯ ᠵᠢᠷᠤᠭ᠂ ᠭᠡᠷᠡᠴᠢ ᠵᠡᠷᠭᠡ ᠴᠠᠭᠠᠰᠤᠨ ᠮᠠᠲ᠋ᠧᠷᠢᠶᠠᠯ ᠬᠠᠩᠭᠠᠬᠤ ᠬᠡᠷᠡᠭᠲᠡᠢ᠃ ᠭᠠᠴᠠᠭᠠᠨ ᠤ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠭᠠᠴᠠᠭᠠᠨ ᠤ ᠬᠤᠶᠠᠷ ᠵᠥᠪᠯᠡᠯ ᠭᠤᠶᠤᠴᠢᠯᠠᠨ ᠮᠡᠳᠡᠭᠦᠯᠬᠦ ᠡᠷᠦᠬᠡ ᠶᠢ ᠬᠠᠮᠵᠢᠨ ᠪᠦᠬᠦᠨ ᠳᠤ ᠲᠣᠬᠢᠷᠠᠬᠤ ᠺᠠᠷᠲ ᠤᠨ ᠣᠷᠣᠯᠭ᠎ᠠ ᠨᠠᠷᠢᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠴᠠᠯᠢᠩ ᠣᠯᠭᠤᠬᠤ ᠨᠠᠷᠢᠨ ᠲᠣᠳᠣᠷᠬᠠᠢ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠥᠩᠭᠦ ᠣᠯᠭᠤᠬᠤ ᠨᠠᠷᠢᠨ ᠲᠣᠳᠣᠷᠬᠠᠢ ᠪᠠ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ᠂ ᠵᠠᠮ ᠬᠠᠷᠢᠯᠴᠠᠭᠠᠨ ᠤ ᠨᠥᠬᠦᠪᠥᠷᠢ ᠣᠯᠭᠤᠬᠤ ᠨᠠᠷᠢᠨ ᠲᠣᠳᠣᠷᠬᠠᠢ ᠵᠡᠷᠭᠡ ᠮᠠᠲ᠋ᠧᠷᠢᠶᠠᠯ ᠢ ᠥᠭᠬᠦ ᠶᠢᠨ ᠬᠠᠮᠲᠤ ᠭᠤᠶᠤᠴᠢᠯᠠᠭᠴᠢ ᠳᠤ ᠬᠠᠮᠵᠢᠨ ᠣᠷᠣᠯᠭ᠎ᠠ ᠳᠤ ᠲᠣᠭᠠᠴᠠᠭ᠎ᠠ ᠬᠢᠵᠦ᠂ ᠬᠦᠰᠦᠨᠦᠭᠲᠦ ᠲᠠᠭᠯᠠᠬᠤ ᠬᠡᠷᠡᠭᠲᠡᠢ᠃    ᠭᠤᠷᠪᠠ᠂ ᠮᠡᠳᠡᠭᠦᠯᠬᠦ ᠳᠡᠰ ᠳᠠᠷᠠᠭᠠᠯᠠᠯ    ︵ᠨᠢᠭᠡ︶ ᠡᠷᠦᠬᠡ ᠠᠮᠠ ᠶᠢᠨ ᠳᠠᠩᠰᠠ᠃ ᠭᠠᠴᠠᠭᠠᠨ ᠤ ︽ᠬᠤᠶᠠᠷ ᠵᠥᠪᠯᠡᠯ︾ ᠤᠨ ᠳᠠᠭᠠᠭᠠᠴᠢᠯᠠᠭᠰᠠᠨ ᠬᠠᠷᠢᠭᠤᠴᠠᠯᠭᠠᠲᠠᠨ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠭᠰᠡᠨ ᠡᠲᠡᠭᠡᠳ ᠢ ᠬᠠᠮᠵᠢᠨ ᠭᠤᠶᠤᠴᠢᠯᠠᠯ ᠤᠨ ᠬᠦᠰᠦᠨᠦᠭᠲᠦ ᠲᠠᠭᠯᠠᠵᠤ᠂ ᠭᠤᠶᠤᠴᠢᠯᠠᠬᠤ ᠮᠠᠲ᠋ᠧᠷᠢᠶᠠᠯ ᠢ ᠪᠡᠯᠡᠳᠬᠡᠨ᠂ ᠭᠠᠴᠠᠭᠠᠨ ᠳᠤ ᠮᠡᠳᠡᠭᠦᠯᠦᠨ᠎ᠡ᠃    ︵ᠬᠤᠶᠠᠷ︶ ᠭᠠᠴᠠᠬᠠᠨ ᠤ ᠠᠩᠬᠠᠨ ᠤ ᠬᠢᠨ᠋ᠠᠯᠲᠠ᠃ ᠭᠠᠴᠠᠭᠠᠨ ᠤ ᠬᠤᠶᠠᠷ ᠵᠥᠪᠯᠡᠯ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠭᠤᠶᠤᠴᠢᠯᠠᠭᠰᠠᠨ ᠡᠷᠦᠬᠡ ᠶᠢᠨ ᠳᠡᠭᠡᠭᠰᠢ ᠮᠡᠳᠡᠭᠦᠯᠦᠭᠰᠡᠨ ᠮᠠᠲ᠋ᠧᠷᠢᠶᠠᠯ ᠳᠤ ᠠᠩᠬᠠᠨ ᠤ ᠬᠢᠨᠠᠯᠲᠠ ᠬᠢᠵᠦ᠂ ᠭᠤᠣᠯᠳᠠᠭᠤ ᠭᠤᠶᠤᠴᠢᠯᠠᠨ ᠮᠡᠳᠡᠭᠦᠯᠦᠭᠰᠡᠨ ᠡᠲᠡᠭᠡᠳ ᠨᠢ ᠨᠥᠬᠦᠴᠡᠯ ᠳᠤ ᠨᠡᠶᠢᠴᠡᠬᠦ ᠡᠰᠡᠬᠦ ᠶᠢ ᠬᠢᠨᠠᠨ ᠬᠠᠷᠭᠤᠭᠤᠯᠵᠤ᠂ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠣᠷᠣᠯᠭ᠎ᠠ ᠶᠢᠨ ᠣᠨᠣᠪᠴᠢᠲᠤ ᠴᠢᠨᠠᠷ᠂ ᠭᠡᠷᠡᠴᠢ ᠮᠠᠲ᠋ᠧᠷᠢᠶᠠᠯ ᠤᠨ ᠪᠦᠷᠢᠨ ᠪᠦᠲᠦᠨ ᠴᠢᠨᠠᠷ ᠢ ᠬᠢᠨᠠᠨ ᠬᠠᠷᠭᠤᠭᠤᠯᠪᠠ᠃ ᠨᠥᠬᠦᠴᠡᠯ ᠳᠤ ᠨᠡᠶᠢᠴᠡᠬᠦ ᠦᠭᠡᠢ ᠶᠢ ᠨᠢ ᠪᠤᠴᠠᠭᠠᠬᠤ ᠬᠡᠷᠡᠭᠲᠡᠢ᠃    ︵ᠭᠤᠷᠪᠠ︶ ᠭᠠᠴᠠᠭ᠎ᠠ ᠵᠠᠷᠯᠠᠬᠤ᠃ ᠭᠠᠴᠠᠭ᠎ᠠ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠨᠢ 5 ᠡᠳᠦᠷ᠃ ᠢᠯᠡ ᠨᠡᠶᠢᠲᠡᠯᠡᠭᠰᠡᠨ ᠬᠤᠭᠤᠴᠠᠭᠠᠨ ᠤ ᠳᠠᠷᠠᠭ᠎ᠠ᠂ ᠬᠤᠪᠢ ᠬᠤᠷᠠᠮᠳᠤᠭᠤᠯᠬᠤ ᠭᠤᠶᠤᠴᠢᠯᠠᠯ ᠵᠢᠴᠢ ᠬᠤᠪᠢᠷᠠᠭᠤᠯᠤᠯᠲᠠ ᠶᠢ ᠬᠦᠯᠢᠶᠡᠬᠦ ᠦᠭᠡᠢ᠃    ︵ᠳᠥᠷᠪᠡ︶ ᠰᠤᠮᠤ ᠪᠠᠯᠭᠠᠰᠤ ᠬᠢᠨ᠋ᠠᠨ ᠬᠠᠷᠭᠤᠭᠤᠯᠬᠤ᠃ ᠭᠠᠴᠠᠭ᠎ᠠ ᠶᠢ ᠢᠯᠡ ᠨᠡᠶᠢᠲᠡᠯᠡᠭᠰᠡᠨ 5 ᠡᠳᠦᠷ ᠤᠨ ᠳᠣᠲᠣᠷ᠎ᠠ ᠣᠨᠳᠣᠣ ᠰᠠᠨᠠᠯ ᠦᠭᠡᠢ ᠪᠣᠯ ᠭᠠᠴᠠᠭᠠᠨ ᠤ ᠬᠤᠷᠠᠯ ᠤᠨ ᠲᠡᠮᠳᠡᠭᠯᠡᠯ᠂ ᠢᠯᠡ ᠨᠡᠶᠢᠲᠡᠯᠡᠭᠰᠡᠨ ᠲᠡᠮᠳᠡᠭᠯᠡᠯ ᠪᠠ ᠬᠤᠷᠠᠮᠳᠤᠯ ᠬᠤᠪᠢ ᠶᠢᠨ ᠬᠤᠷᠢᠶᠠᠩᠭᠤᠢ ᠬᠦᠰᠦᠨᠦᠭᠲᠦ ᠶᠢ ᠰᠤᠮᠤ ᠪᠠᠯᠭᠠᠰᠤᠨ ᠳᠤ ᠮᠡᠳᠡᠭᠦᠯᠦᠨ ᠬᠢᠨᠠᠨ ᠬᠠᠷᠭᠤᠭᠤᠯᠪᠠ ᠃ ᠭᠤᠣᠯᠳᠠᠭᠤ ᠭᠤᠶᠤᠴᠢᠯᠠᠨ ᠮᠡᠳᠡᠭᠦᠯᠦᠭᠰᠡᠨ ᠡᠲᠡᠭᠡᠳ ᠤᠨ ᠨᠥᠬᠦᠴᠡᠯ ᠳᠤ ᠨᠡᠶᠢᠴᠡᠬᠦ ᠡᠰᠡᠬᠦ᠂ ᠭᠠᠴᠠᠭᠠᠨ ᠤ ᠬᠤᠷᠠᠯ ᠤᠨ ᠲᠡᠮᠳᠡᠭᠯᠡᠯ᠂ ᠢᠯᠡ ᠨᠡᠶᠢᠲᠡᠯᠡᠭᠰᠡᠨ ᠲᠡᠮᠳᠡᠭᠯᠡᠯ ᠨᠢ ᠪᠦᠷᠢᠨ ᠪᠦᠲᠦᠨ ᠡᠰᠡᠬᠦ ᠶᠢ ᠬᠢᠨᠠᠨ ᠬᠠᠷᠭᠤᠭᠤᠯᠤᠨ᠎ᠠ᠃    ︵ᠲᠠᠪᠤ᠂ ᠬᠤᠰᠢᠭᠤᠨ ᠱᠠᠲᠤᠨ ᠤ ᠳᠠᠩᠰᠠᠯᠠᠯ᠃ ᠰᠤᠮᠤ ᠪᠠᠯᠭᠠᠰᠤ ᠨᠢ ᠬᠤᠪᠢ ᠬᠤᠷᠠᠮᠳᠤᠭᠤᠯᠬᠤ ᠶᠡᠷᠦᠩᠬᠡᠢ ᠬᠦᠰᠦᠨᠦᠭᠲᠦ ᠶᠢ ᠪᠦᠷᠢᠯᠳᠦᠭᠦᠯᠵᠦ᠂ ᠭᠤᠣᠯ ᠤᠳᠤᠷᠢᠳᠤᠯᠭ᠎ᠠ ᠪᠠᠷ ᠭᠠᠷ ᠤᠨ ᠦᠰᠦᠭ ᠵᠢᠷᠤᠭᠤᠯᠤᠭᠰᠠᠨ ᠤ ᠳᠠᠷᠠᠭ᠎ᠠ᠂ ᠬᠤᠰᠢᠭᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠳᠤ ᠮᠡᠳᠡᠭᠦᠯᠪᠡ︶ ᠳᠠᠩᠰᠠᠯᠠᠭᠤᠯᠬᠤ ᠬᠡᠷᠡᠭᠲᠡᠢ᠃    ᠳᠥᠷᠪᠡ᠂ ᠬᠤᠪᠢ ᠬᠤᠷᠠᠮᠳᠤᠭᠤᠯᠵᠤ ᠪᠡᠶᠡᠯᠡᠭᠦᠯᠬᠦ    ᠬᠤᠰᠢᠭᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠨᠢ ᠬᠤᠰᠢᠭᠤᠨ ᠲᠤᠰ ᠱᠠᠲᠤᠨ ᠤ 400 ᠲᠦᠮᠡᠨ ᠲᠥᠭᠦᠷᠢᠭ ᠤᠨ ᠪᠡᠯᠡ ᠮᠥᠩᠭᠦ ᠶᠢ ᠬᠡᠷᠡᠭᠯᠡᠨ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠭᠰᠡᠨ ᠡᠲᠡᠭᠡᠳ ᠤᠨ ᠬᠤᠪᠢ ᠬᠤᠷᠠᠮᠳᠤᠭᠤᠯᠬᠤ ᠳᠦᠷᠢᠮ ᠤᠨ ᠱᠠᠩᠨᠠᠯ ᠳᠤ ᠬᠡᠷᠡᠭᠯᠡᠨ᠎ᠡ᠃ 1 ᠬᠤᠪᠢ = 1 ᠲᠥᠭᠦᠷᠢᠭ ᠢᠶᠠᠷ ᠪᠡᠯᠡᠨ ᠪᠣᠯᠭᠠᠵᠤ᠂ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠨᠢ ᠵᠣᠬᠢᠴᠠᠩᠭᠤᠢ ᠪᠡᠯᠡ ᠮᠥᠩᠭᠦ ᠶᠢ ᠰᠤᠮᠤ ᠪᠠᠯᠭᠠᠰᠤᠨ ᠳᠤ ᠰᠢᠯᠵᠢᠭᠦᠯᠦᠨ ᠥᠭᠴᠦ᠂ ᠳᠠᠬᠢᠨ ᠰᠤᠮᠤ ᠪᠠᠯᠭᠠᠰᠤ ᠠᠴᠠ ᠲᠠᠷᠢᠶᠠᠴᠢᠨ ᠡᠷᠦᠬᠡ ᠶᠢᠨ ᠪᠦᠬᠦᠨ ᠳᠤ ᠲᠣᠬᠢᠷᠠᠬᠤ ᠺᠠᠷᠲ ᠤᠨ ᠳᠠᠩᠰᠠᠨ ᠡᠷᠦᠬᠡ ᠳᠤ ᠰᠢᠯᠵᠢᠭᠦᠯᠦᠨ ᠥᠭᠴᠦ᠂ ᠰᠣᠯᠢᠵᠤ ᠱᠠᠩᠨᠠᠭᠰᠠᠨ ᠤ ᠳᠠᠷᠠᠭᠠᠬᠢ ᠬᠤᠷᠠᠮᠳᠤᠯ ᠬᠤᠪᠢ ᠨᠢ ᠲᠡᠭ ᠪᠣᠯᠤᠭᠰᠠᠨ ᠪᠠᠶᠢᠨ᠎ᠠ᠃    ᠲᠠᠪᠤ᠂ ᠪᠣᠳᠠᠲᠠᠢ ᠱᠠᠭᠠᠷᠳᠠᠯᠭ᠎ᠠ    ︵ᠨᠢᠭᠡ᠂ ᠨᠡᠮᠡᠭᠳᠡᠯ ᠤᠨ ᠨᠣᠷᠮ᠎ᠠ ᠶᠢᠨ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ 2024 ᠣᠨ ᠤ ᠬᠥᠮᠦᠨ ᠳᠤᠮᠳᠠᠴᠢ ᠶᠢᠨ ᠴᠡᠪᠡᠷ ᠣᠷᠣᠯᠭ᠎ᠠ ᠲᠠᠢ ᠬᠠᠷᠢᠴᠠᠭᠤᠯᠪᠠᠯ 2023 ᠣᠨ ᠤ ᠬᠥᠮᠦᠨ ᠳᠤᠮᠳᠠᠴᠢ ᠶᠢᠨ ᠴᠡᠪᠡᠷ ᠣᠷᠣᠯᠭ᠎ᠠ ᠶᠢᠨ ᠨᠡᠮᠡᠭᠳᠡᠯ ᠤᠨ ᠨᠣᠷᠮ᠎ᠠ ᠨᠢ 5% ᠠᠴᠠ ᠳᠠᠪᠠᠭᠰᠠᠨ ᠬᠤᠪᠢ ︵ᠵᠠᠭᠤᠨ ᠤ ᠬᠠᠷᠢᠴᠠᠯ ᠨᠢ ᠳᠥᠷᠪᠡ ᠶᠢ ᠬᠠᠶᠠᠵᠤ ᠲᠠᠪᠤ ᠶᠢ ᠣᠷᠣᠭᠤᠯᠪᠠ︶︶ ︽ᠵᠠ︾ ᠭᠡᠳ    ︵ᠬᠤᠶᠠᠷ︶ ᠡᠷᠦᠬᠡ ᠳᠤ ᠵᠥᠪᠰᠢᠶᠡᠷᠡᠭᠳᠡᠬᠦ ᠶᠢ ᠦᠬᠠᠬᠦ ᠪᠠᠲᠤᠯᠠᠬᠤ ᠬᠡᠷᠡᠭᠲᠡᠢ᠃ ︽ᠬᠠᠮᠲᠤ ᠪᠠᠷ ᠭᠡᠷᠡᠴᠢ ᠳᠤᠷᠠᠳᠴᠤ᠂ ᠬᠠᠷᠢᠯᠴᠠᠨ ᠮᠡᠳᠡᠷᠡᠬᠦ︾ ᠵᠠᠷᠴᠢᠮ ᠶᠣᠰᠣᠭᠠᠷ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠪᠣᠯᠤᠨ ᠭᠠᠴᠠᠭᠠᠨ ᠤ ᠬᠤᠶᠠᠷ ᠵᠥᠪᠯᠡᠯ ᠤᠨ ᠮᠡᠳᠡᠷᠡᠭᠰᠡᠨ ᠣᠷᠣᠯᠭ᠎ᠠ ᠶᠢ ᠲᠣᠭᠠᠴᠠᠭ᠎ᠠ ᠬᠢᠬᠦ ᠶᠢᠨ ᠬᠠᠮᠲᠤ ᠬᠠᠮᠢᠶ᠎ᠠ ᠪᠦᠬᠦᠢ ᠣᠷᠣᠯᠭ᠎ᠠ ᠶᠢᠨ ᠭᠡᠷᠡᠴᠢᠯᠡᠬᠦ ᠮᠠᠲ᠋ᠧᠷᠢᠶᠠᠯ ᠢ ᠪᠡᠯᠡᠳᠬᠡᠬᠦ ᠴᠢᠬᠤᠯᠠᠲᠠᠢ ᠪᠠᠶᠢᠨ᠎ᠠ᠃ ᠣᠷᠣᠯᠭ᠎ᠠ ᠨᠢ ᠬᠠᠭᠤᠷᠮᠠᠭ ᠪᠤᠶᠤ ᠲᠤᠰ ᠡᠷᠦᠬᠡ ᠨᠢ ᠣᠷᠣᠯᠭ᠎ᠠ ᠶᠢ ᠵᠥᠪᠱᠢᠶᠡᠷᠡᠬᠦ ᠦᠭᠡᠢ ᠪᠣᠯ ᠱᠠᠩᠨᠠᠯ ᠣᠯᠭᠤᠬᠤ ᠶᠢ ᠬᠦᠴᠦᠨ ᠦᠭᠡᠢ ᠪᠣᠯᠭᠠᠨ᠎ᠠ᠃    ᠵᠢᠷᠭᠤᠭ᠎ᠠ᠂ ᠪᠠᠲᠤᠯᠠᠬᠤ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠃ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠢ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠨᠢ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢ ᠬᠠᠮᠵᠢᠨ ᠪᠣᠳᠠᠲᠠᠢ ᠠᠳᠬᠤᠵᠤ ᠂ ᠡᠯ᠎ᠡ ᠭᠠᠴᠠᠭᠠᠨ ᠤ ᠱᠦᠵᠢ ᠪᠣᠯᠤᠨ ᠨᠢᠭᠡᠳᠦᠭᠡᠷ ᠱᠦᠵᠢ ᠪᠣᠯ ᠰᠢᠭᠤᠳ ᠬᠠᠷᠢᠭᠤᠴᠠᠯᠭᠠᠲᠠᠨ ᠮᠥᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠰᠠᠶᠢᠲᠤᠷ ᠬᠢᠬᠦ ᠬᠡᠷᠡᠭᠲᠡᠢ᠃    ︵ᠬᠤᠶᠠᠷ︶ ᠤᠬᠠᠭᠤᠯᠤᠨ ᠳᠠᠶᠢᠴᠢᠯᠠᠬᠤ ᠶᠢ ᠴᠢᠩᠭᠠᠳᠬᠠᠨ᠎ᠠ᠃ ᠭᠠᠴᠠᠭ᠎ᠠ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠤᠶᠤ ᠡᠷᠦᠬᠡ ᠶᠢᠨ ᠲᠥᠯᠥᠭᠡᠯᠡᠭᠴᠢᠳ ᠤᠨ ᠬᠤᠷᠠᠯ ᠢ ᠬᠤᠷᠠᠯᠳᠤᠭᠤᠯᠵᠤ ᠡᠷᠦᠬᠡ ᠶᠢᠨ ᠣᠷᠣᠯᠭ᠎ᠠ ᠶᠢ ᠨᠡᠮᠡᠭᠳᠡᠭᠦᠯᠦᠨ ᠬᠤᠪᠢ ᠬᠤᠷᠠᠮᠳᠤᠭᠤᠯᠬᠤ ᠳᠦᠷᠢᠮ ᠢ ᠤᠬᠠᠭᠤᠯᠤᠨ ᠲᠠᠶᠢᠯᠪᠤᠷᠢᠯᠠᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠬᠤᠪᠢ ᠬᠤᠷᠠᠮᠳᠤᠭᠤᠯᠬᠤ ᠳᠦᠷᠢᠮ ᠤᠨ ᠲᠥᠰᠦᠯ ᠤᠨ ᠠᠭᠤᠯᠭ᠎ᠠ᠂ ᠳᠡᠰ ᠳᠠᠷᠠᠭᠠᠯᠠᠯ ᠢ ᠮᠡᠳᠡᠭᠦᠯᠵᠦ᠂ ᠲᠥᠰᠦᠯ ᠤᠨ ᠵᠣᠷᠢᠯᠲᠠ ᠶᠢᠨ ᠴᠢᠬᠤᠯᠠ ᠠᠭᠤᠯᠭ᠎ᠠ ᠶᠢ ᠣᠶᠢᠯᠠᠭᠠᠭᠤᠯᠤᠨ᠎ᠠ᠃    ︵ᠭᠤᠷᠪᠠ︶ ᠲᠥᠷᠥ ᠶᠢᠨ ᠪᠣᠳᠣᠯᠭ᠎ᠠ ᠢᠯᠡ ᠲᠣᠳᠣ ᠪᠠᠶᠢᠵᠤ᠃ ᠡᠯ᠎ᠡ ᠭᠠᠴᠠᠭ᠎ᠠ ᠲᠥᠰᠦᠯ᠂ ᠬᠢᠨᠠᠨ ᠬᠠᠷᠭᠤᠭᠤᠯᠵᠤ ᠪᠠᠲᠤᠯᠠᠭᠰᠠᠨ ᠠᠭᠤᠯᠭ᠎ᠠ ᠵᠢᠴᠢ ᠨᠡᠷᠡᠰ ᠵᠡᠷᠭᠡ ᠶᠢ ᠭᠠᠴᠠᠭᠠᠨ ᠤ ᠵᠠᠰᠠᠭ ᠤᠨ ᠶᠠᠪᠤᠳᠠᠯ ᠤᠨ ᠢᠯᠡ ᠪᠤᠯᠤᠩ ᠳᠤ ᠵᠠᠷᠯᠠᠨ ᠨᠡᠶᠢᠲᠡᠯᠡᠵᠦ᠂ ᠣᠯᠠᠨ ᠲᠦᠮᠡᠨ ᠤ ᠬᠢᠨᠠᠯᠲᠠ ᠲᠠᠯᠪᠢᠬᠤ ᠶᠢ ᠭᠦᠢᠴᠡᠳ ᠬᠦᠯᠢᠶᠡᠬᠦ ᠬᠡᠷᠡᠭᠲᠡᠢ᠃    ︵ᠳᠥᠷᠪᠡ︶ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠨ᠎ᠠ᠃ ᠰᠤᠮᠤ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ᠠᠴᠠ ᠲᠦᠷᠦᠭᠦᠯᠡᠨ᠂ ᠣᠷᠣᠯᠭ᠎ᠠ ᠶᠢᠨ ᠲᠣᠭᠠᠴᠠᠭ᠎ᠠ ᠬᠢᠭᠰᠡᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠶᠡᠷᠦᠩᠬᠡᠶᠢᠯᠡᠨ ᠪᠠᠶᠢᠴᠠᠭᠠᠵᠤ ᠬᠢᠨᠠᠨ ᠵᠢᠯᠣᠭᠤᠳᠴᠤ᠂ ᠴᠠᠭ ᠲᠤᠬᠠᠢ ᠳᠤᠨᠢ ᠵᠠᠷᠯᠠᠨ ᠮᠡᠳᠡᠭᠳᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号