ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠳᠤᠬᠤᠮ 500 ᠺᠢᠯᠣᠸᠠᠲ ᠤᠨ ᠰᠢᠨ᠎ᠡ ᠡᠨᠧᠷᠭᠢ ᠶᠢ ᠴᠤᠭᠯᠠᠭᠤᠯᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠲᠠᠲᠠᠪᠤᠷᠢᠯᠠᠬᠤ ᠨᠥᠬᠦᠪᠥᠷᠢ ᠲᠥᠪᠬᠢᠨᠡᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/8/20
   ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠳᠤᠬᠤᠮ 500 ᠺᠢᠯᠣᠸᠠᠲ ᠤᠨ ᠰᠢᠨ᠎ᠡ ᠡᠨᠧᠷᠭᠢ ᠶᠢ ᠴᠤᠭᠯᠠᠭᠤᠯᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠲᠠᠲᠠᠪᠤᠷᠢᠯᠠᠬᠤ ᠨᠥᠬᠦᠪᠥᠷᠢ ᠲᠥᠪᠬᠢᠨᠡᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ  ᠲᠦᠯᠢᠶᠡᠮᠤᠳᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄    ᠬᠤᠰᠢᠭᠤᠨ ᠤ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ︽ᠳᠤᠬᠤᠮ 500 ᠺᠢᠯᠣᠸᠠᠲ ᠤᠨ ᠰᠢᠨ᠎ᠡ ᠡᠨᠧᠷᠭᠢ ᠶᠢ ᠴᠤᠭᠯᠠᠭᠤᠯᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠨᠢ ᠲᠦᠯᠢᠶᠡᠮᠤᠳᠤ ᠪᠠᠯᠭᠠᠰᠤᠨ ᠤ ᠬᠥᠨᠳᠡᠯᠡᠨ ᠭᠠᠴᠠᠭ᠎ᠠ ᠶᠢᠨ ᠬᠠᠮᠲᠤ ᠶᠢᠨ ᠭᠠᠵᠠᠷ ᠰᠢᠷᠣᠢ ᠶᠢ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠤᠭᠠᠳ ᠨᠥᠬᠦᠪᠥᠷᠢ ᠥᠭᠴᠦ ᠲᠥᠪᠬᠢᠨᠡᠭᠦᠯᠬᠦ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃        2024 ᠣᠨ ᠤ 5 ᠰᠠᠷ᠎ᠠ ᠶᠢᠨ 31 ᠤ ᠡᠳᠦᠷ        ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶        ᠳᠤᠬᠤᠮ 500 ᠺᠢᠯᠤᠸᠤᠯᠲ ᠤᠨ ᠰᠢᠨ᠎ᠡ ᠡᠨᠧᠷᠭᠢ ᠴᠤᠭᠯᠠᠭᠤᠯᠬᠤ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠲᠠᠲᠠᠪᠤᠷᠢᠯᠠᠬᠤ ᠨᠥᠬᠦᠪᠥᠷᠢ ᠲᠥᠪᠬᠢᠨᠡᠭᠦᠯᠬᠦ ᠲᠥᠰᠦᠯ       ᠳᠤᠬᠤᠮ 500 ᠺᠢᠯᠣᠸᠠᠲ ᠤᠨ ᠰᠢᠨ᠎ᠡ ᠡᠨᠧᠷᠭᠢ ᠶᠢᠨ ᠡᠮᠬᠢᠳᠬᠡᠯ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ᠂ ᠭᠠᠵᠠᠷ ᠰᠢᠷᠣᠢ ᠶᠢᠨ ᠣᠳᠣᠬᠢ ᠪᠠᠶᠢᠳᠠᠯ ᠢ ᠪᠠᠶᠢᠴᠠᠭᠠᠭᠰᠠᠨ ᠪᠠᠶᠢᠳᠠᠯ ᠪᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠤᠰ ᠲᠥᠰᠦᠯ ᠢ ᠣᠨᠴᠠᠭᠠᠶᠢᠯᠠᠨ ᠲᠣᠭᠲᠠᠭᠠᠪᠠ᠃    ᠨᠢᠭᠡ᠂ ᠲᠠᠲᠠᠪᠤᠷᠢᠯᠠᠬᠤ ᠭᠠᠵᠠᠷ ᠣᠷᠣᠨ ᠬᠢᠭᠡᠳ ᠬᠡᠪᠴᠢᠶ᠎ᠡ    ᠲᠦᠯᠢᠶᠡᠮᠤᠳᠤ ᠪᠠᠯᠭᠠᠰᠤᠨ ᠤ ᠬᠦᠨᠳᠦᠯ ᠭᠠᠴᠠᠭᠠᠨ ᠤ ᠬᠢᠵᠠᠭᠠᠷ ᠲᠤ 8.4446 ᠾᠧᠺᠲ᠋ᠠᠷ᠃    ᠬᠤᠶᠠᠷ᠂ ᠲᠠᠲᠠᠪᠤᠷᠢᠯᠠᠬᠤ ᠶᠢ ᠬᠡᠷᠡᠭᠵᠢᠭᠦᠯᠬᠦ ᠨᠢᠭᠡᠴᠢ    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ᠃    ᠭᠤᠷᠪᠠ᠂ ᠭᠠᠵᠠᠷ ᠰᠢᠷᠣᠢ ᠲᠠᠲᠠᠪᠤᠷᠢᠯᠠᠭᠰᠠᠨ ᠳᠤ ᠨᠥᠬᠦᠪᠥᠷᠢ ᠥᠭᠬᠦ ᠠᠷᠭ᠎ᠠ    ᠲᠤᠰ ᠤᠳᠠᠭ᠎ᠠ ᠲᠠᠲᠠᠪᠤᠷᠢᠯᠠᠬᠤ ᠪᠠᠷ ᠪᠠᠶᠢᠭ᠎ᠠ ᠭᠠᠵᠠᠷ ᠰᠢᠷᠣᠢ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠶᠢᠨ ᠳᠥᠴᠢᠨ ᠲᠠᠪᠤᠳᠤᠭᠠᠷ ᠵᠦᠢᠯ ᠤᠨ ︵ᠬᠤᠶᠠᠷ ︶ ᠳ᠋ᠤᠭᠠᠷ ᠵᠤᠷᠪᠤᠰ ᠤᠨ ᠲᠣᠭᠲᠠᠭᠠᠯ ᠳᠤ ᠨᠡᠶᠢᠴᠡᠵᠦ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ᠂ ᠣᠯᠠᠨ ᠨᠡᠶᠢᠲᠡ ᠶᠢᠨ ᠠᠰᠢᠭ ᠲᠤᠰᠠ ᠶᠢᠨ ᠬᠡᠷᠡᠭᠴᠡᠭᠡ ᠳᠤ ᠨᠡᠶᠢᠴᠡᠨ᠎ᠡ᠃ ᠲᠤᠭᠤᠷᠮᠤ ᠶᠢᠨ 500 ᠺᠢᠯᠣᠸᠠᠲ ᠤᠨ ᠰᠢᠨ᠎ᠡ ᠡᠨᠧᠷᠭᠢ ᠶᠢᠨ ᠡᠮᠬᠢᠳᠬᠡᠯ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠠᠴᠠ ᠪᠣᠯᠵᠤ ᠭᠠᠴᠠᠭ᠎ᠠ ︵ᠲᠠᠷᠢᠶᠠᠯᠠᠩ᠂ ᠮᠠᠯᠴᠢᠳ︶ ᠶᠢᠨ ᠬᠠᠮᠲᠤ ᠶᠢᠨ ᠥᠮᠴᠢᠯᠡᠯ ᠤᠨ ᠭᠠᠵᠠᠷ ᠰᠢᠷᠣᠢ ᠶᠢ ᠲᠠᠲᠠᠪᠤᠷᠢᠯᠠᠬᠤ ᠴᠢᠬᠤᠯᠠᠲᠠᠢ ᠪᠠᠶᠢᠵᠤ᠂ ᠨᠢᠭᠡᠨᠲᠡ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠭᠠᠵᠠᠷ ᠰᠢᠷᠣᠢ ᠶᠢ ᠠᠰᠢᠭᠯᠠᠬᠤ ᠶᠡᠷᠦᠩᠬᠡᠢ ᠲᠥᠯᠥᠪᠵᠢᠭᠦᠯᠭᠡ ᠪᠠ ᠬᠤᠲᠠ ᠪᠠᠯᠭᠠᠰᠤᠨ ᠤ ᠶᠡᠷᠦᠩᠬᠡᠢ ᠲᠥᠯᠥᠪᠵᠢᠭᠦᠯᠭᠡ ᠳᠤ ᠣᠷᠣᠭᠤᠯᠤᠭᠰᠠᠨ ᠪᠠᠶᠢᠨ᠎ᠠ᠃    ᠳᠥᠷᠪᠡ᠂ ᠭᠠᠵᠠᠷ ᠲᠠᠲᠠᠪᠤᠷᠢᠯᠠᠭᠰᠠᠨ ᠳᠤ ᠨᠥᠬᠦᠪᠥᠷᠢ ᠥᠭᠬᠦ ᠪᠠᠷᠢᠮᠵᠢᠶ᠎ᠠ    ᠲᠠᠷᠢᠶᠠᠯᠠᠩ ᠳᠤ ᠬᠡᠷᠡᠭᠯᠡᠬᠦ ᠭᠠᠵᠠᠷ ᠤᠨ ᠨᠥᠬᠦᠪᠥᠷᠢ ᠶᠢᠨ ᠪᠠᠷᠢᠮᠵᠢᠶ᠎ᠠ ᠶᠢ ᠲᠠᠲᠠᠪᠤᠷᠢᠯᠠᠬᠤ ᠳᠤ ᠥᠪᠡᠷᠲᠡᠭᠡᠨ ᠵᠠᠰᠠᠬᠤ ᠣᠷᠣᠨ ᠤ ᠲᠠᠲᠠᠪᠤᠷᠢᠯᠠᠬᠤ ᠭᠠᠵᠠᠷ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︵ᠥᠪᠥᠷ ᠵᠠᠰᠠᠭ ᠠᠯᠪᠠᠨ ᠲᠠᠷᠬᠠᠭᠠᠭᠰᠠᠨ ︹2020︺ 92 ᠳ᠋ᠤᠭᠠᠷ ᠲᠣᠭᠠᠲᠤ︶᠂ ︽ᠭᠠᠵᠠᠷ ᠲᠠᠲᠠᠪᠤᠷᠢᠯᠠᠬᠤ ᠣᠷᠣᠨ ᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠪᠠᠷ ᠲᠠᠷᠢᠶᠠᠯᠠᠩ ᠳᠤ ᠬᠡᠷᠡᠭᠯᠡᠬᠦ ᠭᠠᠵᠠᠷ ᠠᠴᠠ ᠭᠠᠳᠠᠨᠠᠬᠢ ᠪᠤᠰᠤᠳ ᠭᠠᠵᠠᠷ ᠰᠢᠷᠣᠢ᠂ ᠬᠥᠬᠡ ᠴᠢᠬᠢ ᠪᠠ ᠭᠠᠵᠠᠷ ᠳᠡᠭᠡᠷᠡᠬᠢ ᠳᠠᠭᠠᠯᠲᠠ ᠪᠣᠳᠠᠰ ᠵᠡᠷᠭᠡ ᠨᠥᠬᠦᠪᠥᠷᠢ ᠶᠢᠨ ᠪᠠᠷᠢᠮᠵᠢᠶ᠎ᠠ ᠵᠢᠴᠢ ᠭᠠᠵᠠᠷ ᠰᠢᠷᠣᠢ ᠶᠢᠨ ᠨᠥᠬᠦᠪᠥᠷᠢ ᠵᠠᠷᠤᠳᠠᠯ ᠪᠠ ᠲᠥᠪᠬᠢᠨᠡᠭᠦᠯᠬᠦ ᠲᠤᠰᠠᠯᠠᠮᠵᠢ ᠶᠢᠨ ᠵᠠᠷᠤᠳᠠᠯ ᠢ ᠬᠤᠪᠢᠶᠠᠷᠢᠯᠠᠬᠤ ᠬᠠᠷᠢᠴᠠᠯ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ︾ ︵ᠥᠪᠥᠷ ᠵᠠᠰᠠᠭ ᠦᠰᠦᠭ ︹2020︺ 77 ᠳ᠋ᠤᠭᠠᠷ ᠲᠣᠭᠠᠲᠤ︶ ᠶᠢ ᠬᠡᠷᠡᠭᠵᠢᠭᠦᠯᠵᠦ᠂ ᠭᠠᠵᠠᠷ ᠲᠠᠲᠠᠪᠤᠷᠢᠯᠠᠬᠤ ᠣᠷᠣᠨ ᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢᠨ Ⅱ ᠬᠡᠰᠡᠭ ᠲᠤ ᠬᠤᠯᠪᠣᠭᠳᠠᠪᠠᠯ᠂ 7.8585 ᠾᠧᠺᠲ᠋ᠠᠷ ᠬᠠᠭᠤᠷᠠᠢ ᠭᠠᠵᠠᠷ ᠤᠨ ᠨᠥᠬᠦᠪᠥᠷᠢ ᠶᠢᠨ ᠪᠠᠷᠢᠮᠵᠢᠶ᠎ᠠ ᠨᠢ 35.7915 ᠲᠦᠮᠡᠨ ᠲᠥᠭᠦᠷᠢᠭ / ᠾᠧᠺᠲ᠋ᠠᠷ᠂ 0.5141 ᠾᠧᠺᠲ᠋ᠠᠷ ᠲᠠᠷᠢᠶᠠᠨ ᠭᠠᠵᠠᠷ ᠤᠨ ᠺᠠᠨ ᠨᠥᠬᠦᠪᠥᠷᠢ ᠶᠢᠨ ᠪᠠᠷᠢᠮᠵᠢᠶ᠎ᠠ ᠨᠢ 14.3166 ᠲᠦᠮᠡᠨ ᠲᠥᠭᠦᠷᠢᠭ / ᠾᠧᠺᠲ᠋ᠠᠷ᠂ 0.0720 ᠾᠧᠺᠲ᠋ᠠᠷ ᠬᠥᠳᠡᠭᠡ ᠲᠣᠰᠬᠤᠨ ᠤ ᠵᠠᠰᠠᠮᠠᠯ ᠵᠠᠮ ᠤᠨ ᠨᠥᠬᠦᠪᠥᠷᠢ ᠶᠢᠨ ᠪᠠᠷᠢᠮᠵᠢᠶ᠎ᠠ ᠨᠢ 14.3166 ᠲᠦᠮᠡᠨ ᠲᠥᠭᠦᠷᠢᠭ / ᠾᠧᠺᠲ᠋ᠠᠷ ᠪᠣᠯᠤᠨ᠎ᠠ᠃    ᠭᠠᠵᠠᠷ ᠲᠠᠲᠠᠪᠤᠷᠢᠯᠠᠬᠤ ᠬᠡᠪᠴᠢᠶᠡᠨ ᠳᠣᠲᠣᠷ᠎ᠠ ᠬᠥᠬᠡ ᠴᠢᠬᠢ᠂ ᠭᠠᠵᠠᠷ ᠳᠡᠭᠡᠷᠡᠬᠢ ᠳᠠᠭᠠᠯᠲᠠ ᠵᠦᠢᠯ ᠪᠠᠶᠢᠬᠤ ‍ᠦᠭᠡᠢ᠃ ᠬᠥᠬᠡ ᠴᠢᠬᠢ᠂ ᠭᠠᠵᠠᠷ ᠳᠡᠭᠡᠷᠡᠬᠢ ᠳᠠᠭᠠᠯᠲᠠ ᠪᠣᠳᠠᠰ ᠲᠤ ᠬᠤᠯᠪᠣᠭᠳᠠᠬᠤ ᠦᠬᠡᠢ᠃    ᠲᠠᠪᠤ᠂ ᠲᠥᠪᠬᠢᠨᠡᠭᠦᠯᠬᠦ ᠠᠷᠭ᠎ᠠ ᠮᠠᠶ᠋ᠢᠭ    ᠲᠤᠰ ᠤᠳᠠᠭᠠᠨ ᠤ ᠲᠠᠲᠠᠪᠤᠷᠢᠯᠠᠭᠰᠠᠨ ᠬᠠᠮᠲᠤ ᠶᠢᠨ ᠭᠠᠵᠠᠷ ᠰᠢᠷᠣᠢ ᠶᠢ ᠡᠷᠦᠬᠡ ᠳᠤ ᠳᠠᠭᠠᠭᠠᠴᠢᠯᠠᠭᠤᠯᠤᠭᠰᠠᠨ ᠦᠭᠡᠢ ᠪᠣᠯ ᠲᠥᠪᠬᠢᠨᠡᠭᠦᠯᠬᠦ ᠲᠠᠷᠢᠶᠠᠯᠠᠩ ᠤᠨ ᠬᠥᠮᠦᠨ ᠠᠮᠠ ᠳᠤ ᠬᠤᠯᠪᠣᠭᠳᠠᠬᠤ ᠦᠭᠡᠢ ᠪᠥᠭᠡᠳ ᠲᠥᠪᠬᠢᠨᠡᠭᠦᠯᠬᠦ ᠲᠤᠰᠠᠯᠠᠮᠵᠢ ᠶᠢᠨ ᠵᠠᠷᠤᠳᠠᠯ ᠣᠯᠭᠤᠬᠤ ᠠᠷᠭ᠎ᠠ ᠮᠠᠶ᠋ᠢᠭ ᠢ ᠠᠪᠴᠤ ᠲᠥᠪᠬᠢᠨᠡᠭᠦᠯᠬᠦ ᠪᠠᠷ ᠲᠥᠯᠥᠪᠯᠡᠵᠦ ᠪᠤᠢ᠃    ᠵᠢᠷᠭᠤᠭ᠎ᠠ᠂ ᠨᠡᠶᠢᠭᠡᠮ ᠤᠨ ᠪᠠᠲᠤᠯᠠᠭ᠎ᠠ    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠣᠳᠠᠲᠠᠢ ᠪᠠᠶᠢᠳᠠᠯ ᠢ ᠦᠨᠳᠦᠰᠦᠯᠡᠨ᠂ ᠭᠠᠵᠠᠷ ᠰᠢᠷᠣᠢ ᠪᠠᠨ ᠲᠠᠲᠠᠪᠤᠷᠢᠯᠠᠭᠳᠠᠭᠰᠠᠨ ᠬᠠᠮᠲᠤ ᠨᠡᠶᠢᠲᠡ ᠪᠠ ᠮᠠᠯᠴᠢᠨ ᠲᠠᠷᠢᠶᠠᠴᠢᠨ ᠤ ᠱᠠᠭᠠᠷᠳᠠᠯᠭ᠎ᠠ ᠶᠣᠰᠣᠭᠠᠷ᠂ ᠭᠠᠵᠠᠷ ᠲᠠᠲᠠᠪᠤᠷᠢᠯᠠᠭᠳᠠᠭᠰᠠᠨ ᠨᠥᠬᠦᠪᠥᠷᠢ ᠶᠢ ᠭᠠᠵᠠᠷ ᠢᠶᠠᠨ ᠲᠠᠲᠠᠪᠤᠷᠢᠯᠠᠭᠳᠠᠭᠰᠠᠨ ᠬᠠᠮᠲᠤ ᠨᠡᠶᠢᠲᠡ ᠪᠠ ᠮᠠᠯᠴᠢᠨ ᠲᠠᠷᠢᠶᠠᠴᠢᠨ ᠳᠤ ᠰᠢᠭᠤᠳ ᠨᠢᠭᠡ ᠯᠡ ᠤᠳᠠᠭ᠎ᠠ ᠳᠤ ᠥᠭᠭᠦᠨ᠎ᠡ᠃ ᠬᠤᠰᠢᠭᠤ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠬᠢᠨᠠᠨ ᠬᠠᠷᠭᠤᠭᠤᠯᠤᠭᠰᠠᠨ ᠢᠶᠠᠷ᠂ ︽ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠭᠠᠵᠠᠷ ᠢᠶᠠᠨ ᠲᠠᠲᠠᠪᠤᠷᠢᠯᠠᠭᠤᠯᠤᠭᠰᠠᠨ ᠮᠠᠯᠴᠢᠨ ᠲᠠᠷᠢᠶᠠᠴᠢᠨ ᠤ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠲᠤᠬᠠᠢ ᠬᠥᠳᠡᠯᠮᠦᠷᠢ ᠪᠠ ᠪᠠᠲᠤᠯᠠᠭ᠎ᠠ ᠶᠢᠨ ᠶᠠᠮᠤᠨ ᠤ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠮᠡᠳᠡᠭᠳᠡᠯ︾ ︵ᠥᠪᠥᠷ ᠬᠥᠳᠡᠯᠮᠦᠷᠢ ᠨᠡᠶᠢᠭᠡᠮ ᠦᠰᠦᠭ ︹2007︺ 137 ᠳ᠋ᠤᠭᠠᠷ ᠲᠣᠭᠠᠲᠤ︶ ᠤᠨ ᠲᠣᠭᠲᠠᠭᠠᠯ ᠶᠣᠰᠣᠭᠠᠷ᠂ ᠲᠤᠰ ᠲᠥᠷᠥᠯ ᠵᠦᠢᠯ ᠤᠨ ᠭᠠᠵᠠᠷ ᠰᠢᠷᠣᠢ ᠶᠢ ᠲᠠᠲᠠᠪᠤᠷᠢᠯᠠᠬᠤ ᠳᠤ ᠨᠡᠶᠢᠭᠡᠮ ᠤᠨ ᠳᠠᠭᠠᠳᠬᠠᠯ ᠢ ᠲᠥᠪᠬᠢᠨᠡᠭᠦᠯᠬᠦ ᠲᠠᠷᠢᠶᠠᠯᠠᠩ ᠤᠨ ᠬᠥᠮᠦᠨ ᠠᠮᠠ ᠳᠤ ᠬᠤᠯᠪᠣᠭᠳᠠᠬᠤ ᠦᠭᠡᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠠᠮᠢᠶ᠎ᠠ ᠪᠦᠬᠦᠢ ᠵᠠᠯᠭᠠᠮᠵᠢ ᠠᠵᠢᠯ ᠢ ᠰᠠᠶᠢᠲᠤᠷ ᠬᠢᠬᠦ ᠪᠠᠷ ᠠᠮᠠᠯᠠᠭᠰᠠᠨ ᠪᠠᠶᠢᠨ᠎ᠠ᠃    ᠳᠣᠯᠤᠭ᠎ᠠ᠂ ᠪᠤᠰᠤᠳ ᠵᠦᠢᠯ    ︵ᠨᠢᠭᠡ︶ ᠬᠡᠯᠡᠯᠴᠡᠭᠡᠷ ᠲᠣᠭᠲᠠᠬᠤ ᠦᠶ᠎ᠡ ᠳᠤ ᠭᠡᠷ ᠪᠠᠶᠢᠰᠢᠩ ᠢᠶᠠᠨ ᠲᠠᠲᠠᠪᠤᠷᠢᠯᠠᠭᠤᠯᠤᠭᠴᠢ ᠨᠢ ︽ᠭᠠᠵᠠᠷ ᠰᠢᠷᠣᠢ ᠬᠡᠷᠡᠭᠯᠡᠬᠦ ᠦᠨᠡᠮᠯᠡᠯ︾ ᠢᠶᠠᠨ ᠠᠪᠴᠤ ᠵᠢᠭᠠᠨ ᠲᠣᠭᠲᠠᠭᠠᠭᠰᠠᠨ ᠭᠠᠵᠠᠷ ᠲᠤ ᠬᠦᠷᠴᠦ ᠭᠠᠵᠠᠷ ᠰᠢᠷᠣᠢ ᠲᠠᠲᠠᠪᠤᠷᠢᠯᠠᠬᠤ ᠠᠵᠢᠯᠲᠠᠨ ᠯᠤᠭ᠎ᠠ ︽ᠭᠠᠵᠠᠷ ᠰᠢᠷᠣᠢ ᠲᠠᠲᠠᠪᠤᠷᠢᠯᠠᠭᠰᠠᠨ ᠳᠤ ᠨᠥᠬᠦᠪᠥᠷᠢ ᠥᠭᠬᠦ ᠵᠥᠪᠳᠡᠯᠴᠡᠬᠡᠷ︾ ᠲᠣᠭᠲᠠᠬᠤ ᠬᠡᠷᠡᠭᠲᠡᠢ᠃ ᠨᠥᠬᠦᠪᠥᠷᠢ ᠥᠭᠬᠦ ᠬᠡᠯᠡᠯᠴᠡᠭᠡᠷ ᠢ ᠲᠣᠭᠲᠠᠭᠠᠭᠰᠠᠨ ᠤ ᠳᠠᠷᠠᠭ᠎ᠠ᠂ ᠨᠢᠭᠡ ᠲᠠᠯ᠎ᠠ ᠶᠢᠨ ᠲᠤᠬᠠᠢ ᠶᠢᠨ ᠬᠥᠮᠦᠨ ᠨᠢ ᠨᠥᠬᠦᠪᠥᠷᠢ ᠥᠭᠬᠦ ᠬᠡᠯᠡᠯᠴᠡᠭᠡᠷ ᠲᠤ ᠪᠣᠯᠵᠣᠨ ᠲᠣᠭᠲᠠᠭᠰᠠᠨ ᠡᠭᠦᠷᠭᠡ ᠪᠠᠨ ᠭᠦᠢᠴᠡᠳᠬᠡᠬᠦ ‍ᠦᠭᠡᠢ ᠪᠣᠯ ᠨᠥᠭᠦᠭᠡ ᠲᠠᠯ᠎ᠠ ᠶᠢᠨ ᠲᠤᠬᠠᠢ ᠶᠢᠨ ᠬᠥᠮᠦᠨ ᠬᠠᠤᠯᠢ ᠶᠣᠰᠣᠭᠠᠷ ᠵᠠᠷᠭᠤ ᠬᠢᠵᠦ ᠪᠣᠯᠤᠨ᠎ᠠ᠃    ︵ᠬᠤᠶᠠᠷ︶ ᠭᠠᠵᠠᠷ ᠰᠢᠷᠣᠢ ᠲᠠᠲᠠᠪᠤᠷᠢᠯᠠᠬᠤ ᠰᠠᠯᠠᠭ᠎ᠠ ᠮᠥᠴᠢᠷ ᠨᠢ ᠲᠠᠲᠠᠪᠤᠷᠢᠯᠠᠭᠳᠠᠭᠰᠠᠨ ᠬᠥᠮᠦᠨ ᠯᠦᠭᠡ ᠲᠠᠲᠠᠪᠤᠷᠢᠯᠠᠬᠤ ᠨᠥᠬᠦᠪᠥᠷᠢ ᠥᠭᠬᠦ ᠲᠥᠰᠦᠯ ᠳᠤ ᠲᠣᠭᠲᠠᠭᠠᠭᠰᠠᠨ ᠭᠡᠷ᠎ᠡ ᠲᠣᠭᠲᠠᠭᠰᠠᠨ ᠬᠤᠭᠤᠴᠠᠭᠠᠨ ᠳᠤ ᠨᠥᠬᠦᠪᠥᠷᠢ ᠥᠭᠬᠦ ᠬᠡᠯᠡᠯᠴᠡᠭᠡᠷ ᠲᠣᠭᠲᠠᠵᠤ ᠴᠢᠳᠠᠬᠤ ᠦᠭᠡᠢ᠂ ᠡᠰᠡᠬᠦᠯ᠎ᠡ ᠲᠠᠲᠠᠪᠤᠷᠢᠯᠠᠭᠳᠠᠭᠰᠠᠨ ᠭᠠᠵᠠᠷ ᠰᠢᠷᠣᠢ ᠶᠢᠨ ᠥᠮᠴᠢᠯᠡᠭᠴᠢ ᠨᠢ ᠲᠣᠳᠣᠷᠬᠠᠢ ᠦᠭᠡᠢ ᠪᠠᠶᠢᠪᠠᠯ᠂ ᠭᠠᠵᠠᠷ ᠰᠢᠷᠣᠢ ᠲᠠᠲᠠᠪᠤᠷᠢᠯᠠᠬᠤ ᠰᠠᠯᠠᠭ᠎ᠠ ᠮᠥᠴᠢᠷ ᠠᠴᠠ ᠭᠠᠵᠠᠷ ᠰᠢᠷᠣᠢ ᠲᠠᠲᠠᠪᠤᠷᠢᠯᠠᠬᠤ ᠲᠣᠭᠲᠠᠭᠠᠯ ᠭᠠᠷᠭᠠᠭᠤᠯᠬᠤ ᠪᠠᠷ ᠮᠡᠳᠡᠭᠦᠯᠪᠡᠯ᠂ ᠬᠤᠰᠢᠭᠤᠨ ᠠᠷᠠᠳ ᠤᠨ ᠵᠠᠰᠠᠭ ᠤᠨ ᠣᠷᠳᠣᠨ ᠲᠤᠰ ᠠᠷᠭ᠎ᠠ ᠶᠢᠨ ᠲᠣᠭᠲᠠᠭᠠᠯ ᠶᠣᠰᠣᠭᠠᠷ᠂ ᠲᠠᠲᠠᠪᠤᠷᠢᠯᠠᠭᠰᠠᠨ ᠨᠥᠬᠦᠪᠥᠷᠢ ᠥᠭᠬᠦ ᠲᠥᠰᠦᠯ ᠤᠨ ᠶᠣᠰᠣᠭᠠᠷ ᠨᠥᠬᠦᠪᠥᠷᠢ ᠥᠭᠬᠦ ᠲᠣᠭᠲᠠᠭᠠᠯ ᠭᠠᠷᠭᠠᠬᠤ ᠶᠢᠨ ᠬᠠᠮᠲᠤ ᠭᠠᠵᠠᠷ ᠰᠢᠷᠣᠢ ᠲᠠᠲᠠᠪᠤᠷᠢᠯᠠᠬᠤ ᠬᠡᠪᠴᠢᠶᠡᠨ ᠳᠣᠲᠣᠷ᠎ᠠ ᠵᠠᠷᠯᠠᠨ ᠨᠡᠶᠢᠲᠡᠯᠡᠨ᠎ᠡ᠃ ᠭᠡᠷ ᠪᠠᠶᠢᠰᠢᠩ ᠢᠶᠠᠨ ᠲᠠᠲᠠᠪᠤᠷᠢᠯᠠᠭᠳᠠᠭᠰᠠᠨ ᠬᠥᠮᠦᠨ ᠨᠢ ᠨᠥᠬᠦᠪᠥᠷᠢ ᠥᠭᠬᠦ ᠲᠣᠭᠲᠠᠭᠠᠯ ᠢ ᠵᠥᠪᠰᠢᠶᠡᠷᠡᠬᠦ ᠦᠭᠡᠢ ᠪᠣᠯ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠵᠤ ᠪᠣᠯᠤᠨ᠎ᠠ᠂ ᠪᠠᠰᠠ ᠬᠠᠤᠯᠢ ᠶᠣᠰᠣᠭᠠᠷ ᠵᠠᠰᠠᠭ ᠵᠠᠬᠢᠷᠭᠠᠨ ᠤ ᠵᠠᠷᠭᠤ ᠬᠢᠭᠰᠡᠨ ᠴᠦ ᠪᠣᠯᠤᠨ᠎ᠠ᠃    ︵ᠭᠤᠷᠪᠠ︶ ᠭᠡᠷ ᠪᠠᠶᠢᠰᠢᠩ ᠢᠶᠠᠨ ᠲᠠᠲᠠᠪᠤᠷᠢᠯᠠᠭᠳᠠᠭᠰᠠᠨ ᠬᠥᠮᠦᠨ ᠬᠠᠤᠯᠢ ᠪᠠᠷ ᠲᠣᠭᠲᠠᠭᠠᠭᠰᠠᠨ ᠬᠤᠭᠤᠴᠠᠭᠠᠨ ᠳᠣᠲᠣᠷ᠎ᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠦᠭᠡᠢ ᠪᠤᠶᠤ ᠵᠠᠰᠠᠭ ᠵᠠᠬᠢᠷᠭᠠᠨ ᠤ ᠵᠠᠷᠭᠤ ᠬᠢᠬᠦ ᠦᠭᠡᠢ ᠪᠣᠯ ᠨᠥᠬᠦᠪᠥᠷᠢ ᠥᠭᠬᠦ ᠲᠣᠭᠲᠠᠭᠠᠯ ᠳᠤ ᠲᠣᠭᠲᠠᠭᠠᠭᠰᠠᠨ ᠬᠤᠭᠤᠴᠠᠭᠠᠨ ᠳᠣᠲᠣᠷ᠎ᠠ ᠪᠠᠷᠢᠯᠭ᠎ᠠ ᠪᠠᠷᠢᠬᠤ ᠶᠢ ᠨᠢ ᠬᠠᠷᠰᠢᠯᠠᠵᠤ ᠪᠠᠶᠢᠪᠠᠯ᠂ ᠬᠠᠤᠯᠢ ᠶᠣᠰᠣᠭᠠᠷ ᠠᠷᠠᠳ ᠤᠨ ᠰᠢᠭᠦᠬᠦ ᠬᠤᠷᠢᠶᠠᠨ ᠳᠤ ᠠᠯᠪᠠᠳᠠᠨ ᠭᠦᠢᠴᠡᠳᠬᠡᠯᠭᠡᠬᠦ ᠪᠠᠷ ᠭᠤᠶᠤᠴᠢᠯᠠᠬᠤ ᠬᠡᠷᠡᠭᠲᠡᠢ᠃    ︵ᠳᠥᠷᠪᠡ︶ ᠲᠤᠰ ᠲᠥᠰᠦᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠲᠠᠲᠠᠪᠤᠷᠢᠯᠠᠭᠳᠠᠭᠰᠠᠨ ᠭᠠᠵᠠᠷ ᠰᠢᠷᠣᠢ ᠳᠤ ᠲᠦᠷᠢᠶᠡᠰᠦᠯᠡᠬᠦ ᠬᠠᠷᠢᠴᠠᠭ᠎ᠠ ᠣᠷᠣᠰᠢᠵᠤ ᠪᠠᠶᠢᠪᠠᠯ᠂ ᠲᠦᠷᠢᠶᠡᠰᠦᠯᠡᠭᠦᠯᠬᠦ ᠬᠤᠶᠠᠷ ᠲᠠᠯ᠎ᠠ ᠪᠠᠷ ᠢᠶᠠᠨ ᠲᠦᠷᠢᠶᠡᠰᠦᠯᠡᠬᠦ ᠬᠠᠷᠢᠴᠠᠭ᠎ᠠ ᠪᠠᠨ ᠥᠪᠡᠰᠦᠪᠡᠨ ᠬᠦᠴᠦᠨ ᠦᠭᠡᠢ ᠪᠣᠯᠭᠠᠨ᠎ᠠ︔ ᠪᠠᠷᠢᠴᠠᠭ᠎ᠠ ᠪᠠᠶᠢᠪᠠᠯ᠂ ᠥᠮᠴᠢᠯᠡᠯ ᠤᠨ ᠡᠷᠬᠡᠲᠦ ᠬᠥᠮᠦᠨ ᠥᠪᠡᠷ ᠢᠶᠠᠨ ᠪᠠᠷᠢᠴᠠᠭ᠎ᠠ ᠶᠢ ᠬᠦᠴᠦᠨ ᠦᠭᠡᠢ ᠪᠣᠯᠭᠠᠨ᠎ᠠ︔ ᠵᠢᠭᠤᠷᠠᠯᠳᠤᠭᠠᠨ ᠣᠷᠣᠰᠢᠵᠤ ᠪᠠᠶᠢᠪᠠᠯ᠂ ᠲᠤᠬᠠᠢ ᠶᠢᠨ ᠬᠥᠮᠦᠨ ᠬᠤᠶᠠᠷ ᠲᠠᠯ᠎ᠠ ᠪᠠᠷ ᠢᠶᠠᠨ ᠥᠪᠡᠰᠦᠪᠡᠨ ᠰᠢᠢᠳᠪᠦᠷᠢᠯᠡᠨ᠎ᠡ᠃    ︵ᠲᠠᠪᠤ︶ ᠲᠠᠲᠠᠪᠤᠷᠢᠯᠠᠬᠤ ᠠᠵᠢᠯ ᠳᠤ ︽ᠳᠥᠷᠪᠡ ᠶᠢ ᠢᠯᠡ ᠪᠠᠶᠢᠯᠭᠠᠬᠤ᠂ ᠳᠥᠷᠪᠡ ᠶᠢ ᠬᠢᠨᠠᠯᠲᠠ ᠲᠠᠯᠪᠢᠬᠤ︾ ᠶᠢ ᠬᠡᠷᠡᠭᠵᠢᠭᠦᠯᠬᠦ ᠬᠡᠷᠡᠭᠲᠡᠢ᠃ ︽ᠳᠥᠷᠪᠡ ᠶᠢ ᠢᠯᠡ ᠪᠣᠯᠭᠠᠬᠤ︾᠂ ᠲᠤᠬᠠᠶᠢᠯᠠᠪᠠᠯ ᠨᠥᠬᠦᠪᠥᠷᠢ ᠥᠭᠴᠦ ᠲᠥᠪᠬᠢᠨᠡᠭᠦᠯᠬᠦ ᠲᠥᠰᠦᠯ᠂ ᠭᠠᠵᠠᠷ ᠰᠢᠷᠣᠢ ᠲᠠᠲᠠᠪᠤᠷᠢᠯᠠᠭᠰᠠᠨ ᠲᠠᠯᠠᠪᠠᠢ᠂ ᠦᠨᠡᠯᠡᠨ ᠵᠢᠱᠢᠭᠰᠡᠨ ᠦᠷ᠎ᠡ ᠳ᠋ᠦᠩ᠂ ᠨᠥᠬᠦᠪᠥᠷᠢ ᠥᠭᠴᠦ ᠲᠥᠪᠬᠢᠨᠡᠭᠦᠯᠬᠦ ᠦᠷ᠎ᠡ ᠳ᠋ᠦᠩ ᠢ ᠠᠯᠪᠠᠨ ᠵᠠᠷ ᠤᠨ ᠪᠤᠯᠤᠩ ᠳᠤ ᠵᠠᠷᠯᠠᠨ ᠨᠡᠶᠢᠲᠡᠯᠡᠨ᠎ᠡ︔ ︽ᠳᠥᠷᠪᠡᠨ ᠬᠢᠨᠠᠯᠲᠠ︾ ᠭᠡᠳᠡᠭ ᠨᠢ ᠳᠠᠷᠤᠢ ᠲᠠᠲᠠᠪᠤᠷᠢᠯᠠᠭᠳᠠᠭᠰᠠᠨ ᠬᠥᠮᠦᠰ ᠬᠢᠨᠠᠯᠲᠠ ᠲᠠᠯᠪᠢᠬᠤ᠂ ᠬᠢᠨᠠᠨ ᠪᠣᠳᠣᠬᠤ ᠬᠢᠨᠠᠯᠲᠠ ᠲᠠᠯᠪᠢᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠯᠲᠠ ᠲᠠᠯᠪᠢᠬᠤ᠂ ᠨᠡᠶᠢᠭᠡᠮ ᠤᠨ ᠬᠢᠨᠠᠯᠲᠠ ᠲᠠᠯᠪᠢᠬᠤ ᠶᠠᠪᠤᠳᠠᠯ ᠪᠣᠯᠤᠨ᠎ᠠ᠃    ︵ᠵᠢᠷᠭᠤᠭ᠎ᠠ︶ ᠲᠤᠰ ᠲᠥᠰᠦᠯ ᠢ ᠭᠠᠵᠠᠷ ᠰᠢᠷᠣᠢ ᠲᠠᠲᠠᠪᠤᠷᠢᠯᠠᠬᠤ ᠰᠠᠯᠠᠭ᠎ᠠ ᠮᠥᠴᠢᠷ ᠬᠠᠷᠢᠭᠤᠴᠠᠨ ᠲᠠᠶᠢᠯᠪᠤᠷᠢᠯᠠᠨ᠎ᠠ᠃ ᠲᠤᠰ ᠲᠥᠰᠦᠯ ᠨᠢ ᠵᠥᠪᠬᠡᠨ ᠲᠤᠭᠤᠷ ᠤᠨ 500 ᠺᠢᠯᠣᠸᠠᠲ ᠤᠨ ᠰᠢᠨ᠎ᠡ ᠡᠨᠧᠷᠭᠢ ᠶᠢ ᠴᠤᠭᠯᠠᠭᠤᠯᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢᠶᠠᠷ ᠬᠢᠵᠠᠭᠠᠷᠯᠠᠵᠤ᠂ ᠪᠤᠰᠤᠳ ᠭᠠᠵᠠᠷ ᠰᠢᠷᠣᠢ ᠲᠠᠲᠠᠪᠤᠷᠢᠯᠠᠬᠤ ᠲᠥᠷᠥᠯ ᠵᠦᠢᠯ ᠤᠨ ᠨᠥᠬᠦᠪᠥᠷᠢ ᠶᠢᠨ ᠪᠠᠷᠢᠮᠵᠢᠶ᠎ᠠ ᠶᠢ ᠬᠡᠷᠡᠭᠵᠢᠭᠦᠯᠬᠦ ᠦᠨᠳᠦᠰᠦᠯᠡᠯ ᠪᠣᠯᠭᠠᠵᠤ ᠪᠣᠯᠬᠤ ᠦᠭᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号