ᠮᠠᠨ ᠤ ᠤᠷᠤᠨ ᠬᠠᠭᠤᠴᠢᠨ ᠰᠠᠭᠤᠭᠠᠯᠢ ᠲᠤᠭᠤᠷᠢᠭ ᠢ ᠦᠭᠡᠷᠡᠴᠢᠯᠡᠨ ᠰᠢᠨᠡᠳᠭᠡᠬᠦ ᠳᠤ 13.89 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠵᠠᠢ
ᠨᠡᠶᠢᠲᠡᠯᠡᠭᠰᠡᠨ ᠴᠠᠭ᠄
2024/8/20
   ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠢᠢᠨ ᠪᠥᠲᠥᠭᠡᠨ ᠪᠠᠶᠢᠭᠤᠯᠤᠯᠲᠠ   ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠤᠷᠤᠨ ᠬᠤᠲᠠ ᠪᠠᠯᠭᠠᠰᠤ ᠶᠢᠨ 1185 ᠬᠠᠭᠤᠴᠢᠨ ᠰᠠᠭᠤᠭᠠᠯᠢ ᠲᠣᠭᠤᠷᠢᠭ᠂ 19.55 ᠲᠦᠮᠡᠨ ᠡᠷᠦᠬᠡ ᠶᠢᠨ ᠤᠷᠤᠨ ᠰᠠᠭᠤᠴᠠ ᠶᠢ ᠥᠭᠡᠷᠡᠴᠢᠯᠡᠨ ᠰᠢᠨᠡᠳᠭᠡᠬᠦ ᠪᠠᠷ ᠲᠥᠯᠥᠪᠯᠡᠵᠦ᠂ 6 ᠰᠠᠷ᠎ᠠ ᠶᠢᠨ ᠰᠡᠭᠦᠯᠴᠢ ᠪᠣᠯᠲᠠᠯ᠎ᠠ 1099 ᠬᠠᠭᠤᠴᠢᠨ ᠰᠠᠭᠤᠭᠠᠯᠢ ᠲᠤᠭᠤᠷᠢᠭ᠂ 17.35 ᠲᠦᠮᠡᠨ ᠡᠷᠦᠬᠡ ᠶᠢᠨ ᠪᠠᠷᠢᠯᠭ᠎ᠠ ᠶᠢ ᠡᠬᠢᠯᠡᠭᠦᠯᠵᠦ᠂ ᠪᠠᠷᠢᠯᠭ᠎ᠠ ᠡᠬᠢᠯᠡᠭᠦᠯᠦᠭᠰᠡᠨ ᠨᠣᠷᠮ᠎ᠠ 92.74% ᠳᠤ ᠬᠦᠷᠴᠦ᠂ 13.89 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃   ᠡᠨᠡ ᠵᠢᠯ ᠮᠠᠨ ᠤ ᠤᠷᠤᠨ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶  ᠤ ᠬᠠᠭᠤᠴᠢᠨ ᠰᠠᠭᠤᠭᠠᠯᠢ ᠲᠤᠭᠤᠷᠢᠭ ᠢ ᠥᠭᠡᠷᠡᠴᠢᠯᠡᠨ ᠰᠢᠨᠡᠳᠭᠡᠬᠦ ᠭᠤᠤᠯ ᠴᠣᠭᠴᠠ ᠶᠢᠨ ᠬᠠᠷᠢᠭᠤᠴᠠᠯᠭ᠎ᠠ ᠢᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠡᠯ᠎ᠡ ᠭᠠᠵᠠᠷ ᠤᠨ ᠰᠠᠭᠤᠭᠠᠯᠢ ᠲᠣᠭᠤᠷᠢᠭ ᠤᠨ ᠢᠵᠢ ᠪᠥᠷᠢᠳᠦᠭᠦᠯᠬᠦ ᠲᠦᠬᠦᠭᠡᠷᠦᠮᠵᠢ  ᠶᠢᠨ ᠳᠤᠲᠠᠭᠤᠳᠠᠯ᠂ ᠬᠠᠭᠤᠴᠢᠨ ᠬᠤᠭᠤᠯᠠᠶ ᠲᠤᠤᠷ ᠤᠨ ᠠᠮᠤᠷ ᠲᠦᠪᠰᠢᠨ ᠤ ᠬᠡᠮ ᠰᠣᠭᠤᠭ ᠢ ᠭᠦᠢᠴᠡᠳ ᠣᠶᠢᠯᠠᠭᠠᠨ᠂ ᠣᠯᠠᠨ ᠲᠦᠮᠡᠨ ᠤ ᠰᠠᠨᠠᠯ ᠢ ᠭᠦᠢᠴᠡᠳ ᠬᠤᠷᠢᠶᠠᠵᠤ᠂ ᠠᠮᠤᠷ ᠲᠦᠪᠰᠢᠨ ᠴᠢᠨᠠᠷ ᠪᠠ ᠴᠢᠳᠠᠮᠵᠢᠲᠤ ᠴᠢᠨᠠᠷ ᠢ ᠳᠣᠪᠤᠶᠢᠯᠭᠠᠨ᠂ ᠰᠠᠭᠤᠭᠠᠯᠢ ᠲᠣᠭᠤᠷᠢᠭ ᠤᠨ ᠪᠣᠳᠠᠲᠤ ᠪᠠᠶᠢᠳᠠᠯ ᠠᠴᠠ ᠭᠠᠷᠳᠠᠵᠤ ᠥᠭᠡᠷᠡᠴᠢᠯᠡᠨ ᠰᠢᠨᠡᠳᠭᠡᠬᠦ ᠠᠭᠤᠯᠭ᠎ᠠ  ᠶᠢ ᠵᠦᠢᠯ ᠳᠠᠷᠠᠭᠠᠯᠠᠨ ᠲᠤᠭᠲᠠᠭᠠᠪᠠ᠃ ᠣᠷᠣᠨ ᠰᠠᠭᠤᠴᠠ ᠶᠢᠨ ᠪᠠᠷᠢᠯᠭ᠎ᠠ ᠢᠢᠨ ᠡᠨᠧᠷᠭᠢ ᠠᠷᠪᠢᠯᠠᠬᠤ ᠥᠭᠡᠷᠡᠴᠢᠯᠡᠯᠲᠡ᠂ ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠤᠨ ᠰᠠᠭᠠᠳ ᠥᠬᠡᠶ ᠲᠦᠬᠦᠭᠡᠷᠦᠮᠵᠢ ᠤᠭᠰᠠᠷᠠᠬᠤ᠂ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ︽ᠦᠳᠡᠭᠦᠰ ᠨᠢᠯᠬᠠᠰ︾  ᠤᠨ ᠦᠢᠯᠡᠴᠢᠯᠡᠭᠡᠨ ᠤ ᠲᠦᠬᠦᠭᠡᠷᠦᠮᠵᠢ ᠶᠢ ᠥᠭᠡᠷᠡᠴᠢᠯᠡᠬᠦ ᠪᠠ ᠴᠠᠬᠢᠯᠭᠠᠨ ᠱᠠᠲᠤ ᠨᠡᠮᠡᠵᠦ ᠤᠭᠰᠠᠷᠠᠬᠤ ᠠᠵᠢᠯ ᠢ ᠵᠡᠷᠭᠡ ᠳᠤᠨᠢ ᠠᠬᠢᠭᠤᠯᠪᠠ᠃   ᠮᠠᠨ ᠤ ᠤᠷᠤᠨ ᠲᠥᠪ ᠤᠨ ᠨᠥᠬᠦᠪᠥᠷᠢ ᠮᠥᠩᠭᠦ ᠶᠢ ᠴᠢᠷᠮᠠᠶᠢᠨ ᠤᠯᠬᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠪᠠᠯᠠ ᠮᠥᠩᠭᠦ ᠢᠢᠨ ᠲᠤᠬᠢᠷᠠᠭᠤᠯᠤᠯᠳᠠ᠂ ᠡᠯ᠎ᠡ ᠭᠠᠵᠠᠷ ᠤᠨ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠭᠤᠶᠤᠴᠢᠯᠠᠬᠤ ᠢᠢ ᠬᠦᠲᠦᠯᠦᠨ ᠵᠢᠯᠤᠭᠤᠳᠬᠤ᠂ ᠲᠤᠰᠬᠠᠶ ᠡᠵᠡᠩᠨᠡᠯᠲᠡ ᠶᠢᠨ ᠠᠵᠤ ᠠᠬᠤᠶᠢᠯᠠᠯ ᠤᠨ ᠪᠠᠯᠠ ᠮᠦᠡᠭᠬᠦ ᠭᠠᠷᠭᠠᠬᠤ ᠶᠢ ᠠᠬᠢᠭᠤᠯᠬᠤ᠂ ᠨᠡᠶᠢᠭᠡᠮ ᠤᠨ ᠪᠠᠯᠠ ᠣᠷᠣᠭᠤᠯᠤᠯᠲᠠ ᠢᠢ ᠲᠡᠳᠡᠨ ᠠᠪᠴᠢᠷᠠᠬᠤ᠂ ᠰᠠᠭᠤᠭᠠᠯᠢ ᠠᠷᠠᠳ ᠪᠠᠯᠠ ᠮᠦᠡᠭᠬᠦ ᠭᠠᠷᠭᠠᠬᠤ ᠵᠡᠷᠭᠡ ᠣᠯᠠᠨ ᠠᠷᠭ᠎ᠠ ᠵᠠᠮ ᠢᠶᠠᠷ ᠬᠠᠭᠤᠴᠢᠨ ᠰᠠᠭᠤᠭᠠᠯᠢ ᠲᠤᠭᠤᠷᠢᠭ ᠢ ᠥᠭᠡᠷᠡᠴᠢᠯᠡᠨ ᠰᠠᠶᠢᠵᠢᠷᠠᠭᠤᠯᠬᠤ ᠪᠠᠯᠠ ᠮᠥᠩᠭᠦ ᠴᠤᠭᠯᠠᠭᠤᠯᠬᠤ ᠢᠢ ᠬᠥᠲᠥᠯᠦᠨ ᠵᠢᠯᠣᠭᠤᠳᠴᠤ᠂ ᠥᠭᠡᠷᠡᠴᠢᠯᠡᠨ ᠰᠠᠶᠢᠵᠢᠷᠠᠭᠤᠯᠬᠤ ᠪᠡᠯᠡ ᠣᠷᠣᠭᠤᠯᠤᠯᠲᠠ ᠢᠢᠨ ᠵᠠᠶᠢᠯᠠᠰᠢ ᠥᠬᠡᠶ ᠬᠡᠷᠡᠭᠴᠡᠭᠡ ᠶᠢ ᠪᠠᠲᠤᠯᠠᠪᠠ᠃ ᠡᠨᠡ ᠵᠢᠯ ᠪᠥᠬᠦ ᠣᠷᠣᠨ ᠤ ᠬᠤᠲᠠ ᠪᠠᠯᠭᠠᠰᠤ ᠶᠢᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠭᠡᠬᠦ ᠳᠤ ᠨᠡᠶᠢᠳᠡ 57.85 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠨᠢᠭᠡᠨᠲᠡ 47.61 ᠳ᠋ᠦᠩᠰᠢᠭᠤᠷ ᠲᠦᠭᠦᠷᠢᠭ ᠤᠨ ᠪᠠᠯᠠ ᠮᠥᠩᠭᠦ ᠶᠢ ᠨᠠᠶᠢᠳᠠᠪᠤᠷᠢᠵᠢᠭᠤᠯᠪᠠ᠃   ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ   ᠶᠢᠨ ᠲᠢᠩᠬᠢᠮ ᠠᠴᠠ ᠡᠯ᠎ᠡ ᠭᠠᠵᠠᠷ ᠤᠨ ᠬᠠᠭᠤᠴᠢᠨ ᠰᠠᠭᠤᠭᠠᠯᠢ ᠲᠤᠭᠤᠷᠢᠭ ᠢ ᠦᠬᠡᠷᠡᠴᠢᠯᠡᠨ ᠰᠢᠨᠡᠳᠬᠡᠬᠦ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠭᠡᠬᠦ ᠠᠬᠢᠴᠠ ᠪᠠᠨ ᠲᠦᠷᠭᠡᠳᠭᠡᠬᠦ ᠪᠠ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠬᠤ ᠡᠷᠴᠢᠮ ᠢᠢᠡᠨ ᠴᠢᠩᠭᠠᠷᠠᠭᠤᠯᠤᠨ᠂ ᠦᠨᠳᠦᠰᠦᠨ ᠱᠠᠲᠤᠨ ᠤ ᠠᠵᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠢ ᠨᠢ ᠲᠤᠬᠠᠶ ᠶᠢᠨ ᠭᠠᠵᠠᠷ ᠲᠤᠨᠢ ᠣᠶᠢᠯᠠᠭᠠᠬᠤ ᠶᠢᠨ ᠬᠠᠮᠲᠤ ᠢᠳᠡᠪᠬᠢᠲᠡᠶ ᠪᠠᠷ ᠰᠢᠢᠳᠪᠦᠷᠢᠯᠡᠨ ᠦᠭᠴᠦ ᠪᠠᠶᠢᠨ᠎ᠠ᠃ ᠪᠠᠰᠠ ᠨᠡᠶᠢᠲᠡᠯᠢᠭ ᠵᠢᠱᠢᠶ᠎ᠡ ᠶᠢ ᠴᠠᠭ ᠲᠤᠬᠠᠶ ᠳᠤᠨᠢ ᠡᠮᠬᠢᠯᠡᠨ ᠳᠢᠭᠯᠡᠵᠦ᠂ ᠲᠤᠷᠰᠢᠯᠭ᠎ᠠ ᠪᠠ ᠠᠷᠭ᠎ᠠ ᠬᠢᠳᠡᠯ ᠢᠶᠠᠨ ᠳ᠋ᠦᠩᠨᠡᠨ᠂ ᠬᠥᠬᠡᠬᠤᠲᠠ ᠢᠢᠨ ᠪᠠᠶᠠᠨᠨᠠᠭᠤᠷ ᠬᠤᠶᠢᠲᠤ ᠵᠠᠮ ᠤᠨ ᠨᠡᠶᠢᠭᠡᠮ ᠲᠣᠭᠤᠷᠢᠭ ᠣᠷᠣᠨ ᠰᠠᠭᠤᠴᠠ ᠪᠠ ᠬᠤᠲᠠ ᠬᠥᠳᠡᠭᠡ ᠢᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠪᠦᠷᠢᠨ ᠪᠦᠲᠦᠨ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠢᠢᠨ ᠬᠤᠶᠠᠳᠤᠭᠠᠷ ᠪᠦᠯᠦᠭ ᠤᠨ ᠨᠡᠶᠢᠲᠡᠯᠢᠭ ᠵᠢᠱᠢᠶ᠎ᠡ ᠪᠠᠷ ᠰᠣᠩᠭᠤᠭᠳᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号