ᠮᠠᠨ ᠤ ᠤᠷᠤᠨ ᠦᠨᠳᠦᠰᠦᠨ ᠱᠠᠲᠤᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠲᠠᠰ ᠲᠠᠪᠰᠢᠬᠦ ᠠᠵᠢᠯ ᠤᠨ ᠪᠠᠶᠢᠷᠢ ᠶᠢ 4.7 ᠲᠦᠮᠡ ᠭᠠᠷᠤᠢ ᠲᠣᠬᠢᠷᠠᠭᠤᠯᠪᠠ
ᠨᠡᠶᠢᠲᠡᠯᠡᠭᠰᠡᠨ ᠴᠠᠭ᠄
2024/8/20
   ᠣᠶᠢᠷ᠎ᠠ ᠳᠤ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠤᠷᠤᠨ ᠦᠨᠳᠦᠰᠦᠨ ᠱᠠᠲᠤᠨ ᠤ ᠠᠵᠢᠯ ᠦᠢᠯᠡᠰ ᠤᠨ ᠨᠢᠭᠡᠴᠢ ᠶᠢᠨ 4.7 ᠲᠦᠮᠡᠨ ᠠᠵᠢᠯᠲᠠᠨ ᠳᠤ ᠲᠠᠰ ᠲᠠᠪᠰᠢᠬᠦ ᠠᠵᠢᠯ ᠤᠨ ᠪᠠᠶᠢᠷᠢ ᠲᠤᠬᠢᠷᠠᠭᠤᠯᠵᠠᠢ    ᠠᠵᠢᠯᠲᠠᠨ ᠤ ᠠᠵᠢᠯ ᠤᠨ ᠪᠠᠶᠢᠷᠢ ᠪᠣᠯ ᠬᠠᠮᠢᠶᠠᠷᠤᠯᠲᠠ ᠶᠢᠨ ᠠᠵᠢᠯ ᠤᠨ ᠪᠠᠶᠢᠷᠢ ᠠᠴᠠ ᠭᠠᠳᠠᠨ᠎ᠠ᠂ ᠲᠤᠰᠠᠭᠠᠷ ᠨᠡᠭᠡᠭᠡᠭᠰᠡᠨ ᠬᠠᠮᠢᠶᠠᠷᠤᠯᠲᠠ ᠶᠢᠨ ᠠᠵᠢᠯᠲᠠᠨ ᠤ ᠲᠠᠰ ᠳᠡᠪᠰᠢᠭᠦ ᠵᠠᠮ ᠪᠣᠯᠤᠨ᠎ᠠ᠃ ᠣᠶᠢᠷ᠎ᠠ ᠶᠢᠨ ᠵᠢᠯ ᠤᠨ ᠲᠤᠷᠰᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠦᠨᠳᠦᠰᠦᠨ ᠱᠠᠲᠤᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠠᠵᠢᠯ ᠤᠨ ᠪᠠᠶᠢᠷᠢ ᠶᠢᠨ ᠲᠤᠭ᠎ᠠ ᠴᠥᠭᠡᠨ ᠪᠠᠶᠢᠳᠠᠯ ᠳᠤ ᠴᠢᠭᠯᠡᠭᠦᠯᠦᠨ᠂ ︽ᠬᠤᠶᠠᠷ ᠢ ᠵᠥᠪᠰᠢᠶᠡᠷᠡᠬᠦ︾ ᠠᠮᠢᠳᠤᠯᠢᠭ ᠠᠷᠭ᠎ᠠ ᠬᠡᠮᠵᠢᠶ᠎ᠡ ᠶᠢ ᠰᠢᠨ᠎ᠡ ᠶᠢ ᠡᠭᠦᠳᠦᠨ ᠬᠡᠷᠡᠭᠵᠢᠭᠦᠯᠵᠦ᠂ ᠬᠤᠰᠢᠭᠤ ᠰᠢᠶᠠᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠢᠶᠠᠨ ᠤ ᠬᠡᠪᠴᠢᠶ᠎ᠡ᠂ ᠠᠵᠢᠯ ᠲᠥᠷᠥᠯ᠂ ᠨᠢᠭᠡᠴᠢ ᠶᠢᠨ ᠶᠣᠰᠣᠭᠠᠷ ᠠᠵᠢᠯᠲᠠᠨ ᠤ ᠠᠵᠢᠯ ᠤᠨ ᠪᠠᠶᠢᠷᠢ ᠶᠢ ᠨᠡᠶᠢᠯᠡᠭᠦᠯᠦᠨ ᠳᠣᠭᠢᠷᠠᠭᠤᠯᠬᠤ ᠶᠢ ᠵᠥᠪᠰᠢᠶᠡᠷᠡᠪᠡ᠃ ᠡᠭᠦᠨ ᠤ ᠬᠠᠮᠳᠦ ᠳᠣᠯᠤᠭ᠎ᠠ᠂ ᠨᠠᠢᠮᠠᠳᠤᠭᠠᠷ ᠳᠡᠰ ᠤᠨ ᠠᠵᠢᠯᠲᠠᠨ ᠤ ᠬᠠᠷᠢᠴᠠᠯ ᠢ 60% ᠪᠠᠷ ᠲᠣᠭᠲᠠᠭᠠᠵᠤ᠂ ᠰᠢᠯᠢᠳᠡᠭᠵᠢᠭᠦᠯᠦᠭᠰᠡᠨ ᠤ ᠳᠠᠷᠠᠭ᠎ᠠ᠂ ᠪᠥᠬᠦ ᠣᠷᠣᠨ ᠤ ᠳᠣᠯᠤᠭ᠎ᠠ᠂ ᠨᠠᠢᠮᠠᠳᠤᠭᠠᠷ ᠳᠡᠰ ᠤᠨ ᠠᠵᠢᠯᠲᠠᠨ ᠢ ᠨᠡᠶᠢᠲᠡ 47834 ᠲᠣᠬᠢᠷᠠᠭᠤᠯᠵᠤ᠂ ᠥᠩᠭᠡᠷᠡᠭᠰᠡᠨ ᠵᠢᠯ ᠤᠨ ᠬᠢ ᠠᠴᠠ 3660 ᠨᠡᠮᠡᠭᠳᠡᠵᠦ᠂ ᠵᠢᠷᠭᠤᠳᠤᠭᠠᠷ ᠳᠡᠰ ᠤᠨ ᠠᠵᠢᠯᠲᠠᠨ ᠤ ᠲᠤᠭ᠎ᠠ ᠴᠤ ᠳᠠᠭᠠᠯᠳᠤᠨ ᠨᠡᠮᠡᠭᠳᠡᠵᠦ᠂ ᠠᠵᠢᠯᠲᠠᠨ ᠤ ᠲᠠᠰ ᠳᠡᠪᠰᠢᠬᠦ ᠣᠷᠣᠨ ᠵᠠᠶ ᠶᠢ ᠴᠢᠨᠠᠭᠰᠢᠲᠠ ᠥᠷᠭᠡᠳᠭᠡᠪᠡ᠃   ︽ᠪᠢ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠯᠠᠭ᠎ᠠ ᠮᠦᠴᠢᠷ ᠲᠧ 30 ᠭᠠᠷᠤᠶ ᠵᠢᠯ ᠠᠵᠢᠯᠯᠠᠪᠠ᠂ ᠠᠵᠢᠯ ᠠᠴᠠ ᠪᠠᠨ ᠠᠮᠠᠷᠠᠬᠤ ᠭᠡᠵᠦ ᠪᠠᠶᠢᠭ᠎ᠠ ᠦᠶ᠎ᠡ ᠳᠤ ᠵᠢᠷᠭᠤᠳᠤᠭᠠᠷ ᠳᠡᠰ ᠤᠨ ᠠᠵᠢᠯᠲᠠᠨ ᠢᠶᠠᠷ ᠳᠡᠪᠰᠢᠭᠦᠯᠦᠭᠳᠡᠵᠦ᠂ ᠳᠡᠳ᠋ ᠭᠠᠵᠠᠷ ᠤᠨ ᠲᠠᠰ ᠤᠨ ᠬᠠᠷᠠᠭᠠᠯᠵᠠᠯ ᠭᠥᠷᠳᠡᠨ᠎ᠡ ᠭᠡᠵᠦ ᠪᠤᠳᠤᠵᠤ ᠣᠯᠤᠭᠰᠠᠨ ᠥᠬᠡᠶ︾ ᠭᠡᠵᠦ ᠤᠯᠠᠭᠠᠨᠬᠠᠳᠠ ᠬᠤᠲᠠ ᠶᠢᠨ ᠨᠢᠩᠴᠧᠩ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠠᠵᠢᠯᠲᠠᠨ ᠱᠠᠩ ᠵᠥᠩ ᠴᠢ ᠰᠡᠳᠭᠢᠯ ᠳᠣᠭᠳᠣᠯᠤᠨ ᠬᠡᠯᠡᠪᠡ᠃ ᠱᠠᠩ ᠵᠦᠡᠭ ᠴᠢ ᠶᠢᠨ ᠠᠵᠢᠯᠯᠠᠵᠤ ᠪᠠᠶᠢᠭ᠎ᠠ ᠪᠠᠶᠢᠭᠤᠯᠭ᠎ᠠ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢ ᠨᠢ ᠴᠥᠭᠡᠨ᠂ ᠠᠵᠢᠯᠳᠠᠨ ᠤ ᠲᠤᠭ᠎ᠠ ᠶᠢ ᠬᠢᠨᠠᠨ ᠲᠣᠭᠲᠠᠭᠠᠬᠤ ᠨᠢ ᠴᠥᠭᠡᠨ ᠪᠠᠶᠢᠵᠤ᠂ ᠵᠢᠷᠭᠤᠳᠤᠭᠠᠷ ᠳᠡᠰ ᠤᠨ ᠠᠵᠢᠯᠳᠠᠨ ᠢ ᠬᠢᠨᠠᠨ ᠲᠣᠭᠲᠠᠭᠠᠵᠤ ᠳᠡᠶᠢᠯᠬᠦ ᠦᠭᠡᠢ᠂ ᠮᠠᠰᠢ ᠤᠯᠠᠨ ᠬᠥᠮᠦᠨ ᠠᠵᠢᠯ ᠠᠴᠠ ᠪᠠᠨ ᠠᠮᠠᠷᠠᠬᠤ ᠪᠣᠯᠳᠠᠯ᠎ᠠ ᠲᠠᠰ ᠳᠡᠪᠰᠢᠬᠦ ᠲᠣᠬᠢᠶᠠᠯ ᠣᠯᠬᠤ ᠦᠭᠡᠢ ᠪᠠᠶᠢᠳᠠᠭ᠃ 2023 ᠣᠨ ᠳᠤ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠦᠨᠳᠦᠰᠦᠨ ᠱᠠᠲᠤ ᠲᠠᠢ ᠬᠠᠷᠢᠯᠴᠠᠬᠤ ︽ᠭᠠᠷ ᠬᠤᠯᠪᠣᠯᠴᠠᠬᠤ︾ ᠠᠵᠢᠯᠯᠠᠭ᠎ᠠ ᠥᠷᠨᠢᠭᠦᠯᠬᠦ ᠳᠤᠮᠳᠠ᠂ ᠦᠨᠳᠦᠰᠦᠨ ᠱᠠᠲᠤᠨ ᠤ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢᠨ ᠲᠠᠰ ᠳᠡᠪᠰᠢᠬᠦ ᠳᠤ ᠬᠦᠴᠢᠷᠲᠡᠶ ᠪᠠᠶᠢᠬᠤ ᠠᠰᠠᠭᠤᠳᠠᠯ ᠢ ᠢᠯᠡᠷᠡᠭᠦᠯᠵᠦ᠂ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠰᠢᠯᠢᠳᠡᠭᠵᠢᠭᠦᠯᠵᠦ᠂ ︽ᠪᠥᠬᠦ ᠣᠷᠣᠨ ᠤ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠲᠣᠬᠢᠷᠠᠭᠤᠯᠬᠤ ᠬᠠᠮᠢᠶᠠᠷᠤᠯᠲᠠ ᠶᠢᠨ ︿ᠠᠷᠪᠠᠨ ᠲᠠᠪᠤᠨ ᠵᠤᠷᠪᠤᠰ ᠠᠷᠭ᠎ᠠ ᠬᠡᠮᠵᠢᠶ᠎ᠡ﹀ ᠢᠢ ᠰᠢᠯᠢᠳᠡᠭᠵᠢᠭᠦᠯᠦᠨ ᠲᠡᠭᠦᠯᠳᠡᠷᠵᠢᠭᠦᠯᠬᠦ ᠲᠤᠬᠠᠶ ᠮᠡᠳᠡᠭᠳᠡᠯ︾ ᠢ ᠨᠡᠶᠢᠲᠡᠯᠡᠭᠰᠡᠨ ᠪᠥᠭᠡᠳ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠠᠢ ᠬᠠᠮᠲᠤ ᠪᠠᠷ ᠴᠢᠷᠮᠠᠶᠢᠵᠤ᠂ ᠤᠯᠠᠭᠠᠨᠬᠠᠳᠠ ᠬᠤᠲᠠ ᠶᠢᠨ 7 ᠬᠤᠰᠢᠭᠤ ᠰᠢᠶᠠᠨ ᠲᠣᠭᠤᠷᠢᠭ ᠲᠤ ᠳᠣᠯᠤᠭ᠎ᠠ᠂ ᠨᠠᠢᠮᠠᠳᠤᠭᠠᠷ ᠳᠡᠰ ᠤᠨ ᠠᠵᠢᠯᠲᠠᠨ ᠤ ᠠᠵᠢᠯ ᠤᠨ ᠪᠠᠶᠢᠷᠢ ᠶᠢ 2974 ᠲᠣᠬᠢᠷᠠᠭᠤᠯᠪᠡ᠃ ᠵᠣᠬᠢᠶᠠᠨ ᠪᠠᠶᠢᠭᠤᠯᠤᠯᠲᠠ ᠠᠴᠠ ᠲᠠᠰ ᠳᠡᠪᠰᠢᠭᠦᠯᠬᠦ ᠦᠶ᠎ᠡ ᠳᠤ᠂ ᠲᠤᠬᠠᠶ ᠶᠢᠨ ᠭᠠᠵᠠᠷ ᠤᠨ ᠬᠢᠨ ᠠᠵᠢᠯᠲᠠᠨ ᠤ ᠲᠠᠰ ᠳᠡᠪᠰᠢᠭᠦ ᠲᠣᠭᠲᠠᠴᠠ ᠶᠢᠨ ᠵᠥᠪ ᠴᠢᠭᠯᠡᠯ ᠢᠶᠠᠷ ᠤᠷᠮᠠᠰᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶ ᠶᠢᠨ ᠬᠥᠭᠵᠢᠯᠲᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠴᠢᠬᠤᠯᠠ ᠬᠦᠷᠢᠶ᠎ᠡ ᠶᠢ ᠣᠨᠢᠯᠠᠵᠤ᠂ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠰᠢᠯᠢᠳᠡᠭ ᠬᠠᠮᠢᠶᠠᠷᠤᠯᠲᠠ ᠶᠢᠨ ᠠᠵᠢᠯᠲᠠᠨ ᠢ ᠤᠷᠢᠳ ᠢᠶᠠᠷ ᠪᠣᠳᠣᠯᠬᠢᠯᠠᠵᠤ᠂ ᠤᠷᠢᠳ ᠢᠶᠠᠷ ᠳᠡᠪᠰᠢᠭᠦᠯᠵᠦ᠂ ᠦᠨᠳᠦᠰᠦᠨ ᠱᠠᠲᠤᠨ ᠤ ᠠᠵᠢᠯ ᠦᠢᠯᠡᠰ ᠤᠨ ᠨᠢᠭᠡᠴᠢ ᠶᠢᠨ ᠬᠠᠮᠢᠶᠠᠷᠤᠯᠲᠠ ᠶᠢᠨ ᠠᠵᠢᠯᠲᠠᠨ ᠤ ᠠᠵᠢᠯ ᠤᠨ ᠢᠳᠡᠪᠬᠢᠵᠢᠯ ᠢ ᠴᠢᠨᠠᠭᠰᠢᠲᠠ ᠬᠥᠭᠵᠢᠭᠡᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号