ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠨᠠᠢᠮᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠠᠢ
ᠨᠡᠶᠢᠲᠡᠯᠡᠭᠰᠡᠨ ᠴᠠᠭ᠄
2024/8/20
   ᠰᠦᠨ ᠱᠤᠤ ᠴᠧᠩ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠸᠠᠩ ᠯᠢ ᠰᠢᠶᠠ ᠣᠷᠣᠯᠴᠠᠪᠠ   8 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ᠬᠤᠷᠠᠯ ᠳᠡᠭᠡᠷ᠎ᠡ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃   ᠰᠦᠨ ᠱᠤᠤ ᠴᠧᠩ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠠ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠬᠢᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠠ ᠬᠤᠷᠠᠯ ᠠᠴᠠ ᠨᠠᠭᠠᠰᠢᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠦᠢᠯᠡᠳᠦᠯᠭᠡ ᠶᠢᠨ ᠦᠷᠭᠦᠯᠵᠢᠯᠡᠯ ᠪᠣᠯᠬᠤ ᠪᠥᠭᠡᠳ ᠪᠠᠰᠠ ᠰᠢᠨ᠎ᠡ ᠴᠠᠭ ᠦᠶ᠎ᠡ ᠰᠢᠨ᠎ᠡ ᠠᠶᠠᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠴᠠᠭ ᠦᠶ᠎ᠡ ᠶᠢᠨ ᠰᠢᠨ᠎ᠡ ᠬᠠᠭᠤᠳᠠᠰᠤ ᠪᠣᠯᠤᠨ᠎ᠠ᠃ ᠪᠢᠳᠡ ᠪᠠᠶᠢᠯᠳᠤᠬᠤ ᠪᠤᠳᠤᠯᠭ᠎ᠠ ᠪᠠ ᠪᠦᠬᠦ ᠲᠠᠯ᠎ᠠ ᠶᠢᠨ ᠦᠨᠳᠦᠷᠴᠡ ᠠᠴᠠ ᠨᠠᠮ ᠤᠨ ᠲᠥᠪ ᠬᠤᠷᠢᠶ᠎ᠠ ᠶᠢᠨ ᠥᠭᠡᠷᠡᠴᠢᠯᠡᠯᠲᠡ ᠶᠢᠨ ᠵᠣᠷᠢᠯᠲᠠ ᠶᠢ ᠰᠠᠶᠢᠲᠤᠷ ᠣᠶᠢᠯᠠᠭᠠᠵᠤ᠂ ︽ᠶᠠᠭᠤᠨ ᠳᠤ ᠥᠭᠡᠷᠡᠴᠢᠯᠡᠯᠲᠡ ᠬᠢᠬᠦ︾ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠭᠰᠠᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠠᠮᠢᠵᠢᠷᠠᠯ ᠤᠨ ᠬᠦᠴᠦᠨ ᠬᠥᠳᠡᠯᠭᠡᠬᠦ ᠬᠦᠴᠦᠨ ᠢ ᠬᠥᠭᠵᠢᠭᠡᠵᠦ᠂ ᠡᠬᠡ ᠤᠯᠤᠰ ᠤᠨ ᠤᠮᠠᠷᠠᠲᠤ ᠶᠢᠨ ᠨᠡᠩ ᠦᠵᠡᠰᠭᠦᠯᠡᠩᠲᠦ ᠰᠠᠶᠢᠬᠠᠨ ᠦᠵᠡᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠦᠮᠡᠨ ᠦᠵᠡᠮᠵᠢ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠠᠢ᠃   ᠰᠦᠨ ᠱᠤᠤ ᠴᠧᠩ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ᠡᠷᠬᠡᠪᠰᠢ ︽ᠶᠠᠭᠤ ᠶᠢ ᠥᠭᠡᠷᠡᠴᠢᠯᠡᠬᠦ︾ ᠲᠠᠯ᠎ᠠ ᠪᠠᠷ ᠬᠦᠴᠦᠯᠡᠬᠦ ᠴᠡᠭ ᠢ ᠣᠨᠣᠪᠴᠢᠲᠠᠢ ᠡᠷᠢᠨ ᠣᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠤᠨ ᠲᠤᠭᠤᠷᠢᠨ ᠳᠤ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠲᠣᠭᠲᠡᠴᠡ ᠪᠠᠨ ᠥᠭᠡᠷᠡᠴᠢᠯᠡᠬᠦ᠂ ᠪᠠᠶᠢᠷᠢᠰᠢᠭᠤᠯᠤᠯᠲᠠ ᠪᠠᠨ ᠥᠭᠡᠷᠡᠴᠢᠯᠡᠬᠦ᠂ ᠰᠤᠷᠲᠠᠯ ᠢᠶᠠᠨ ᠰᠠᠶᠢᠵᠢᠷᠠᠭᠤᠯᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠬᠤᠷᠢᠭ᠎ᠠ ᠴᠡᠭ ᠲᠦᠭᠵᠢᠷᠡᠯ ᠤᠨ ᠴᠡᠭ ᠢ ᠲᠥᠪᠯᠡᠷᠡᠭᠦᠯᠦᠨ ᠰᠢᠪᠲᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠪᠤᠶᠢᠮ᠎ᠠ ᠠᠰᠠᠭᠤᠳᠠᠯ ᠢ ᠥᠩᠭᠡᠨ ᠲᠠᠯ᠎ᠠ ᠪᠠ ᠦᠨᠳᠦᠰᠦ ᠠᠴᠠ ᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠬᠠᠭᠤᠴᠢᠨ ᠰᠡᠳᠭᠢᠬᠦᠢ ᠶᠢᠨ ᠬᠠᠨᠳᠤᠰᠢ ᠶᠢ ᠡᠪᠳᠡᠵᠦ ᠂ ᠪᠦᠲᠦᠮᠵᠢᠲᠡᠢ ᠤᠷᠮᠠᠰᠢᠭᠤᠯᠵᠤ᠂ ᠬᠦᠴᠦᠲᠡᠢ ᠬᠢᠵᠠᠭᠠᠷᠯᠠᠬᠤ ᠠᠵᠢᠯ ᠤᠨ ᠲᠣᠭᠲᠡᠴᠡ ᠶᠢ ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠯᠡᠨ ᠠᠵᠤ ᠠᠬᠤᠢ ᠶᠢᠨ ᠬᠥᠭᠵᠢᠯᠲᠡ ᠶᠢᠨ ᠬᠡᠮᠵᠢᠶ᠎ᠠ᠂ ᠨᠡᠶᠢᠭᠡᠮ ᠤᠨ ᠵᠠᠰᠠᠯᠲᠠ ᠶᠢᠨ ᠲᠦᠪᠰᠢᠨ᠂ ᠤᠯᠠᠨ ᠲᠦᠮᠡᠨ ᠳᠤ ᠦᠢᠯᠡᠴᠢᠯᠡᠬᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠠᠵᠤ ᠦᠢᠯᠡᠰ᠂ ᠬᠥᠮᠦᠨ ᠠᠮᠠ᠂ ᠰᠠᠭᠤᠷᠢ ᠲᠥᠬᠦᠭᠡᠷᠦᠮᠵᠢ ᠵᠡᠷᠭᠡ ᠶᠢᠨ ᠪᠠᠶᠢᠷᠢᠰᠢᠭᠤᠯᠤᠯᠲᠠ ᠶᠢ ᠤᠯᠠᠮ ᠰᠢᠯᠢᠳᠡᠭᠵᠢᠭᠦᠯᠵᠦ ᠂ ᠬᠡᠯᠪᠡᠷᠢ ᠶᠢ ᠬᠤᠪᠢᠷᠠᠭᠤᠯᠬᠤ᠂ ᠪᠦᠲᠦᠴᠡ ᠳᠤ ᠲᠤᠬᠢᠷᠠᠭᠤᠯᠤᠯᠳᠠ ᠬᠢᠬᠦ ᠶᠢ ᠲᠦᠷᠭᠡᠳᠭᠡᠵᠦ᠂ ᠴᠢᠨᠠᠷ ᠰᠠᠶᠢᠲᠠᠢ ᠬᠥᠭᠵᠢᠯᠲᠡ ᠶᠢᠨ ᠰᠠᠶᠢᠨ ᠣᠷᠴᠢᠯ ᠢ ᠪᠦᠷᠢᠯᠳᠦᠭᠦᠯᠬᠦ ᠬᠡᠷᠡᠭᠲᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠦᠷᠭᠦᠯᠵᠢᠯᠡᠨ ᠵᠠᠯᠠᠷᠠᠭᠤᠯᠵᠤ᠂ ︽ᠤᠳᠠᠭᠠᠨ ᠪᠦᠳᠦᠭᠦᠯᠢᠭ ᠬᠡᠶᠢᠰᠪᠦᠷᠢ︾ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠵᠣᠬᠢᠶᠠᠯ ᠤᠨ ᠰᠤᠷᠲᠠᠯ ᠬᠤᠷᠠᠯ ᠤᠨ ᠰᠤᠷᠲᠠᠯ ᠢ ᠰᠠᠶᠢᠵᠢᠷᠠᠭᠤᠯᠬᠤ ᠶᠢ ᠠᠬᠢᠭᠤᠯᠵᠤ᠂ ᠰᠤᠷᠲᠠᠯ ᠢ ᠬᠤᠪᠢᠷᠠᠭᠤᠯᠬᠤ᠂ ᠰᠢᠨ᠎ᠡ ᠰᠤᠷᠲᠠᠯ ᠢ ᠪᠤᠢ ᠪᠣᠯᠭᠠᠬᠤ ᠲᠠᠯ᠎ᠠ ᠪᠠᠷ ᠨᠡᠩ ᠶᠡᠭᠡ ᠦᠷ᠎ᠡ ᠪᠦᠲᠦᠮᠵᠢ ᠤᠯᠬᠤ ᠬᠡᠷᠡᠭᠲᠡᠢ ᠭᠡᠪᠡ᠃    ᠰᠦᠨ ᠱᠤᠤ ᠴᠧᠩ᠂ ︽ᠶᠠᠭᠠᠬᠢᠵᠤ ᠥᠭᠡᠷᠡᠴᠢᠯᠡᠬᠦ︾ ᠳᠡᠭᠡᠷ᠎ᠡ ᠢᠯᠡᠭᠦᠬᠡᠨ ᠪᠣᠳᠠᠲᠠᠢ ᠠᠷᠭ᠎ᠠ ᠪᠤᠳᠤᠵᠤ ᠢᠯᠡᠭᠦᠬᠡᠨ ᠰᠦᠪᠡᠭᠴᠢᠯᠡᠬᠦ ᠬᠡᠷᠡᠭᠲᠡᠢ᠃ ᠥᠭᠡᠷᠡᠴᠢᠯᠡᠯᠲᠡ ᠪᠣᠯ ᠮᠥᠨ ᠴᠢᠨᠠᠷ ᠳᠡᠭᠡᠷ᠎ᠡ ᠪᠠᠨ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠶᠠᠪᠤᠳᠠᠯ ᠮᠥᠨ᠂ ᠺᠠᠳ᠋ᠷ ᠤᠯᠠᠨ ᠲᠦᠮᠡᠨ ᠤ ᠢᠯᠡᠭᠦᠬᠡᠨ ︽ᠰᠢᠨ᠎ᠠ ᠰᠡᠪᠡᠬᠦᠨ ᠦᠵᠡᠯ ᠰᠠᠨᠠᠭ᠎ᠠ︾ ᠭᠠᠷᠭᠠᠬᠤ ᠶᠢ ᠵᠣᠷᠢᠭᠵᠢᠭᠤᠯᠵᠤ᠂ ᠡᠯ᠎ᠡ ᠭᠠᠵᠠᠷ ᠤᠨ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠰᠢᠪᠲᠤᠯᠤᠯᠲᠠ ᠶᠢᠨ ᠴᠢᠨᠠᠷᠲᠠᠢ ᠰᠦᠪᠡᠭᠴᠢᠯᠡᠯ ᠬᠢᠬᠦ ᠢᠢ ᠵᠥᠪᠰᠢᠶᠡᠷᠡᠬᠦ ᠬᠡᠷᠡᠭᠲᠡᠢ᠃ ᠠᠵᠢᠯ ᠢᠶᠠᠨ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ᠂ ᠠᠳᠠᠯᠢ ᠨᠢᠭᠡ ᠬᠦᠷᠢᠶᠡᠨ ᠤ ᠥᠭᠡᠷᠡᠴᠢᠯᠡᠯᠲᠡ ᠶᠢ ᠵᠣᠯᠭᠠᠭᠤᠯᠤᠨ ᠬᠤᠯᠪᠣᠯᠳᠤᠭᠤᠯᠬᠤ᠂ ᠠᠳᠠᠯᠢ ᠪᠤᠰᠤ ᠬᠦᠷᠢᠶᠡᠨ ᠤ ᠥᠭᠡᠷᠡᠴᠢᠯᠡᠯᠲᠡ ᠶᠢ ᠵᠣᠬᠢᠴᠠᠭᠤᠯᠤᠨ ᠲᠥᠬᠦᠷᠵᠢᠭᠦᠯᠬᠦ᠂ ᠥᠭᠡᠷᠡᠴᠢᠯᠡᠯᠲᠡ ᠪᠦᠷᠢ ᠶᠢᠨ ᠳᠣᠲᠣᠭᠠᠳᠤ ᠭᠤᠭᠴᠤᠭ᠎ᠠ ᠪᠤᠯᠭᠠᠨ ᠢ ᠰᠢᠯᠢᠳᠡᠭᠵᠢᠭᠦᠯᠦᠨ ᠵᠤᠬᠢᠴᠠᠭᠤᠯᠬᠤ ᠬᠡᠷᠡᠭᠲᠡᠢ᠃ ᠬᠥᠭᠵᠢᠭᠰᠡᠨ ᠭᠠᠵᠠᠷ ᠣᠷᠣᠨ ᠤ ᠠᠮᠵᠢᠯᠲᠠ ᠣᠯᠤᠭᠰᠠᠨ ᠲᠤᠷᠰᠢᠯᠭ᠎ᠠ ᠪᠣᠯᠤᠨ ᠤᠷᠢᠳᠴᠢᠯᠠᠭᠰᠠᠨ ᠦᠵᠡᠯ ᠤᠬᠠᠮᠰᠠᠷ᠂ ᠦᠵᠡᠯ ᠰᠠᠨᠠᠭ᠎ᠠ ᠣᠶᠢᠯᠠᠭᠠᠭᠳᠠᠬᠤᠨ᠂ ᠬᠠᠷᠠᠭ᠎ᠠ ᠶᠢ ᠰᠤᠷᠤᠯᠴᠠᠬᠤ ᠳᠠᠭᠠᠨ ᠴᠢᠳᠠᠮᠠᠭᠠᠶ ᠪᠠᠶᠢᠵᠤ᠂ ᠣᠷᠣᠨ ᠤ ᠳᠣᠲᠣᠷᠠᠬᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠰᠠᠶᠢᠨ ᠬᠢᠳᠡᠯ ᠢ ᠴᠠᠭ ᠲᠤᠬᠠᠶ ᠳᠤᠨᠢ ᠳᠡᠯᠭᠡᠷᠡᠭᠦᠯᠬᠦ ᠬᠡᠷᠡᠭᠲᠡᠶ ᠭᠡᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号