ᠪᠠᠷᠠᠭᠤᠨ ᠵᠢᠷᠢᠮ ᠪᠠᠯᠭᠠᠰᠤ ︽ᠶᠢᠰᠦᠨ ᠪᠠᠭ᠎ᠠ ᠲᠠᠯᠠᠪᠤᠷ︾ ᠤᠨ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/8/21
    ᠬᠠᠷᠢᠶᠠᠲᠤ ᠣᠷᠣᠨ ᠤ ︽ᠶᠢᠰᠦᠨ ᠪᠠᠭ᠎ᠠ ᠲᠠᠯᠠᠪᠤᠷ︾ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 8 ᠰᠠᠷ᠎ᠠ ᠶᠢᠨ 20 ᠤ ᠡᠳᠦᠷ᠂ ᠪᠠᠷᠠᠭᠤᠨ ᠵᠢᠷᠢᠮ ᠪᠠᠯᠭᠠᠰᠤ ᠪᠠᠯᠭᠠᠰᠤᠨ ᠤ ᠶᠡᠷᠦᠩᠬᠡᠶᠢᠯᠡᠨ ᠵᠠᠰᠠᠬᠤ ᠠᠯᠪᠠᠨ ᠭᠡᠷ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠮᠢᠯᠠᠭᠰᠠᠨ ᠰᠠᠯᠪᠤᠷᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠢ ᠵᠣᠬᠢᠶᠠᠨ ᠪᠠᠶᠢᠭᠤᠯᠵᠤ ᠬᠠᠷᠢᠶᠠᠲᠤ ᠣᠷᠣᠨ ᠳᠤ ᠠᠶᠤᠯᠭᠦᠢ ᠦᠢᠯᠡᠳᠪᠦᠷᠢᠯᠡᠯ ᠤᠨ ᠪᠠᠶᠢᠩᠭᠤᠵᠢᠭᠰᠠᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠵᠦ᠂ ︽ᠶᠢᠰᠦᠨ ᠪᠠᠭ᠎ᠠ ᠲᠠᠯᠠᠪᠤᠷ︾ ᠤᠨ ᠠᠮᠤᠷ ᠲᠦᠪᠰᠢᠨ ᠤ ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠤᠳᠠᠯᠳᠤᠭᠠᠨ ᠤ ᠡᠷᠦᠬᠡ ᠶᠢᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠨ᠂ ᠬᠠᠷᠢᠶᠠᠲᠤ ᠣᠷᠣᠨ ᠤ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ ᠶᠤᠮ᠃    ᠪᠠᠶᠢᠴᠠᠭᠠᠬᠤ ᠶᠠᠪᠤᠴᠠ ᠳᠤ᠂ ᠠᠵᠢᠯᠲᠠᠳ ᠰᠤᠷᠪᠤᠯᠵᠢᠯᠠᠨ ᠪᠠᠶᠢᠴᠠᠭᠠᠬᠤ ᠪᠠᠷ ᠳᠠᠮᠵᠢᠨ᠂ ᠲᠤᠬᠠᠢ ᠶᠢᠨ ᠲᠠᠯᠠᠪᠤᠷ ᠲᠤ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠭᠡᠮ ᠤᠨ ᠠᠰᠠᠭᠤᠳᠠᠯ ᠢ ᠵᠢᠭᠠᠵᠤ ᠭᠠᠷᠭᠠᠬᠤ ᠶᠢᠨ ᠬᠠᠮᠲᠤ ᠬᠠᠷᠢᠭᠤᠴᠠᠯᠭᠠᠲᠠᠨ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠬᠤ ᠶᠢ ᠢᠳᠡᠪᠬᠢᠲᠡᠢ ᠵᠢᠯᠣᠭᠤᠳᠴᠤ᠂ ᠳᠡᠯᠭᠡᠭᠦᠷ ᠤᠨ ᠠᠵᠢᠯᠲᠠᠳ ᠢ ᠡᠳᠦᠷ ᠲᠤᠲᠤᠮ ᠤᠨ ᠠᠵᠢᠯ ᠠᠮᠢᠳᠤᠷᠠᠯ ᠳᠤ ᠴᠠᠬᠢᠯᠭᠠᠨ ᠬᠡᠷᠡᠭᠯᠡᠬᠦ᠂ ᠭᠠᠯ ᠬᠡᠷᠡᠭᠯᠡᠬᠦ᠂ ᠭᠡᠢ ᠬᠡᠷᠡᠭᠯᠡᠬᠦ ᠶᠢ ᠢᠳᠡᠪᠬᠢᠲᠡᠢ ᠵᠢᠯᠣᠭᠤᠳᠴᠤ᠂ ᠰᠢᠩᠭᠡᠨᠵᠢᠮᠡᠯ ᠬᠡᠢ ᠶᠢᠨ ᠰᠠᠪᠠ᠂ ᠭᠠᠯ ᠤᠨᠲᠠᠷᠠᠭᠠᠭᠤᠷ ᠢ ᠬᠡᠷᠡᠭᠯᠡᠬᠦ ᠠᠷᠭ᠎ᠠ ᠪᠠ ᠭᠠᠯ ᠤᠨ ᠠᠶᠤᠯ ᠡᠭᠦᠰᠬᠦ ᠦᠶ᠎ᠡ ᠶᠢᠨ ᠥᠪᠡᠷ ᠢ ᠪᠠᠨ ᠠᠪᠤᠷᠠᠬᠤ ᠮᠡᠳᠡᠯᠭᠡ ᠵᠡᠷᠭᠡ ᠶᠢ ᠬᠦᠯᠢᠴᠡᠩᠭᠦᠢ ᠪᠠᠷ ᠲᠠᠶᠢᠯᠪᠤᠷᠢᠯᠠᠬᠤ ᠶᠢᠨ ᠬᠠᠮᠲᠤ ᠬᠤᠳᠠᠯᠳᠤᠭᠠᠨ ᠤ ᠡᠷᠦᠬᠡ ᠳᠤ ᠵᠥᠷᠢᠴᠡᠯ ᠵᠢᠭᠤᠷᠠᠯᠳᠤᠭᠠᠨ ᠤ ᠴᠤᠬᠤᠶᠢᠯᠲᠠ ᠶᠢ ᠡᠷᠲᠡᠬᠡᠨ ᠢᠯᠡᠷᠡᠭᠦᠯᠵᠦ᠂ ᠵᠥᠷᠢᠴᠡᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠵᠦ᠂ ᠡᠭᠦᠨ ᠤ ᠤᠯᠠᠮ ᠠᠴᠠ ︽ᠠᠷᠠᠳ ᠲᠤ ᠡᠷᠡᠭᠦᠦ ᠲᠤᠯᠭᠠᠯ᠂ ᠡᠷᠡᠭᠦᠦ ᠶᠢᠨ ᠠᠮᠢ ᠨᠠᠰᠤ ᠬᠤᠪᠢᠷᠠᠬᠤ︾ ᠬᠤᠣᠷᠲᠤ ᠬᠡᠷᠡᠭ ᠡᠭᠦᠰᠬᠦ ᠶᠢ ᠰᠡᠷᠭᠡᠶᠢᠯᠡᠬᠦ ᠬᠡᠷᠡᠭᠲᠡᠢ ᠭᠡᠵᠦ ᠰᠠᠨᠠᠭᠤᠯᠪᠠ᠃
 
ᠢᠷᠡᠯᠲᠡ᠄ ᠬᠤᠰᠢᠭᠤᠨ ᠤ ᠳᠤᠳᠤᠭᠠᠲᠦ ᠶᠢ ᠬᠠᠮᠠᠭᠠᠯᠠᠬᠤ ᠳᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号