ᠳᠥᠷᠥᠯᠵᠢ ᠪᠠᠯᠭᠠᠰᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ
ᠨᠡᠶᠢᠲᠡᠯᠡᠭᠰᠡᠨ ᠴᠠᠭ᠄
2024/8/21
    ᠣᠶᠢᠷ᠎ᠠ ᠳᠤ᠂ ᠳᠥᠷᠥᠯᠵᠢ ᠪᠠᠯᠭᠠᠰᠤ ᠰᠢᠷᠦᠭᠦᠨ ᠪᠣᠷᠣᠭᠠᠨ ᠠᠴᠠ ᠪᠣᠯᠵᠣ ᠬᠠᠷᠢᠶ᠎ᠠ ᠣᠷᠣᠨ ᠳᠤ ᠠᠳᠠᠯᠢ ᠪᠤᠰᠤ ᠬᠡᠮᠵᠢᠶ᠎ᠡ ᠪᠠᠷ ᠤᠰᠤᠲᠤᠯ᠂ ᠵᠠᠮ ᠲᠠᠰᠤᠷᠠᠬᠤ ᠵᠢᠴᠢ ᠲᠠᠷᠢᠮᠠᠯ ᠭᠠᠮᠰᠢᠭᠳᠠᠭᠰᠠᠨ ᠵᠡᠷᠭᠡ ᠪᠠᠶᠢᠳᠠᠯ ᠢᠯᠡᠷᠡᠪᠡ᠃ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠳᠥᠷᠥᠯᠵᠢ ᠪᠠᠯᠭᠠᠰᠤ ᠭᠠᠮᠰᠢᠭ ᠤᠨ ᠪᠠᠶᠢᠳᠠᠯ ᠢ ᠵᠢᠭᠰᠠᠭᠠᠨ ᠪᠠᠶᠢᠴᠠᠭᠠᠬᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ᠂ ᠰᠢᠯᠵᠢᠭᠦᠯᠦᠨ ᠲᠥᠪᠬᠢᠨᠡᠭᠦᠯᠬᠦ᠂ ᠲᠠᠷᠢᠶᠠᠯᠠᠩ ᠤᠨ ᠦᠢᠯᠡᠳᠪᠦᠷᠢᠯᠡᠯ ᠢᠶᠠᠷ ᠥᠪᠡᠷ ᠢ ᠪᠠᠨ ᠠᠪᠤᠷᠠᠬᠤ᠂ ᠰᠠᠭᠤᠷᠢ ᠲᠥᠬᠦᠭᠡᠷᠦᠮᠵᠢ ᠶᠢ ᠰᠡᠷᠭᠦᠭᠡᠬᠦ ᠵᠡᠷᠭᠡ ᠡᠯ᠎ᠡ ᠵᠦᠢᠯ ᠤᠨ ᠠᠵᠢᠯ ᠢ ᠴᠠᠭ ᠲᠤᠬᠠᠢ ᠳᠤᠨᠢ ᠰᠠᠶᠢᠲᠤᠷ ᠬᠢᠪᠡ᠃    ᠲᠦᠷᠭᠡᠨ ᠲᠥᠯᠥᠪᠵᠢᠭᠦᠯᠦᠨ ᠪᠠᠶᠢᠷᠢᠯᠠᠭᠤᠯᠵᠤ᠂ ᠨᠠᠷᠢᠨ ᠨᠢᠭᠲᠠ ᠵᠣᠬᠢᠶᠠᠨ ᠪᠠᠶᠢᠭᠤᠯᠵᠤ ᠬᠡᠷᠡᠭᠵᠢᠭᠦᠯᠪᠡ᠃ ᠳᠥᠷᠥᠯᠵᠢ ᠪᠠᠯᠭᠠᠰᠤᠨ ᠤ ᠨᠠᠮ ᠤᠨ ᠬᠤᠷᠢ᠊ ᠡᠶ᠎ᠡ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠡᠷᠡ ᠳᠠᠷᠤᠢ ᠳᠤᠨᠢ ᠭᠠᠮᠰᠢᠭᠳᠠᠭᠰᠠᠨ ᠭᠠᠴᠠᠭ᠎ᠠ ᠳᠤ ᠭᠦᠨᠵᠡᠭᠡᠶᠢᠷᠡᠵᠦ᠂ ᠣᠳᠣᠬᠠᠨ ᠤ ᠬᠦᠨᠳᠦ ᠬᠡᠴᠡᠭᠦᠦ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠵᠤ᠂ ᠪᠠᠴᠢᠮ ᠪᠠᠶᠢᠳᠠᠯ ᠢ ᠠᠷᠭᠠᠴᠠᠵᠤ ᠦᠶᠡᠷ ᠢ ᠰᠡᠷᠭᠡᠶᠢᠯᠡᠵᠦ ᠠᠪᠤᠷᠠᠨ ᠲᠤᠰᠠᠯᠠᠬᠤ ᠡᠩᠨᠡᠭᠡ ᠵᠣᠭᠰᠣᠬᠤ ᠦᠭᠡᠢ᠂ ᠠᠮᠠᠷᠠᠬᠤ ᠦᠭᠡᠢ ᠪᠠᠶᠢᠬᠤ ᠶᠢ ᠱᠠᠭᠠᠷᠳᠠᠵᠤ᠂ ᠨᠠᠮ ᠤᠨ ᠭᠡᠰᠢᠭᠦᠨ᠂ ᠲᠣᠣᠷᠵᠢᠯ ᠤᠨ ᠠᠵᠢᠯᠲᠠᠨ ᠤ ᠵᠢᠱᠢᠶᠡᠴᠢ ᠳᠠᠭᠠᠭᠤᠯᠬᠤ ᠦᠢᠯᠡᠳᠦᠯ ᠢ ᠭᠦᠢᠴᠡᠳ ᠳᠠᠶᠢᠴᠢᠯᠠᠵᠤ᠂ ᠪᠦᠬᠦᠨ ᠢ ᠲᠠᠷᠢᠶᠠᠨ ᠭᠠᠵᠠᠷ᠂ ᠲᠠᠷᠢᠶᠠᠴᠢᠨ ᠡᠷᠦᠬᠡ ᠳᠤ ᠬᠦᠷᠭᠡᠵᠦ᠂ ᠬᠠᠷᠢᠶ᠎ᠠ ᠣᠷᠣᠨ ᠤ ᠣᠯᠠᠨ ᠲᠦᠮᠡᠨ ᠳᠤ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠮᠡᠳᠡᠯᠭᠡ ᠶᠢ ᠤᠬᠠᠭᠤᠯᠵᠤ᠂ ᠪᠣᠷᠣᠭᠠᠨ ᠤ ᠪᠠᠶᠢᠳᠠᠯ᠂ ᠦᠶᠡᠷ ᠤᠨ ᠪᠠᠶᠢᠳᠠᠯ ᠵᠡᠷᠭᠡ ᠮᠡᠳᠡᠭᠡ ᠵᠠᠩᠭᠢ ᠶᠢ ᠴᠠᠭ ᠢᠮᠠᠭᠲᠠ ᠠᠩᠬᠠᠷᠴᠤ᠂ ᠭᠠᠮᠰᠢᠭᠳᠠᠭᠰᠠᠨ ᠪᠠᠶᠢᠳᠠᠯ ᠢ ᠵᠢᠭᠰᠠᠭᠠᠨ ᠪᠠᠶᠢᠴᠠᠭᠠᠬᠤ ᠶᠢᠨ ᠬᠠᠮᠲᠤ ᠭᠠᠮᠰᠢᠭᠳᠠᠭᠰᠠᠨ ᠣᠯᠠᠨ ᠲᠦᠮᠡᠨ ᠢ ᠲᠠᠶᠢᠳᠬᠤᠷᠠᠭᠤᠯᠵᠤ᠂ ᠡᠭᠦᠰᠦᠮᠡᠯ ᠭᠠᠮᠰᠢᠭ ᠢ ᠰᠠᠶᠢᠲᠤᠷ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠪᠠ᠃    ᠺᠠᠳ᠋ᠷ ᠣᠯᠠᠨ ᠲᠦᠮᠡᠨ ᠬᠦᠴᠦ ᠪᠠᠨ ᠬᠠᠮᠲᠤᠳᠬᠠᠨ ᠬᠦᠴᠢᠷ ᠪᠡᠷᠬᠡᠰᠢᠶᠡᠯ ᠢ ᠰᠢᠢᠳᠪᠦᠷᠢᠯᠡᠵᠦ᠂ ᠦᠢᠯᠡᠳᠪᠦᠷᠢᠯᠡᠯ ᠠᠮᠢᠳᠤᠷᠠᠯ ᠢ ᠪᠠᠲᠤᠯᠠᠨ᠎ᠠ᠃ ᠳᠥᠷᠥᠯᠵᠢ ᠪᠠᠯᠭᠠᠰᠤ ᠺᠠᠳ᠋ᠷ ᠣᠯᠠᠨ ᠲᠦᠮᠡᠨ ᠢ ᠵᠣᠬᠢᠶᠠᠨ ᠪᠠᠶᠢᠭᠤᠯᠵᠤ᠂ ᠦᠢᠯᠡᠳᠪᠦᠷᠢᠯᠡᠯ ᠢᠶᠠᠷ ᠥᠪᠡᠷ ᠢ ᠪᠠᠨ ᠠᠪᠤᠷᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ︽ᠬᠥᠮᠦᠨ ᠤ ᠬᠦᠴᠦᠨ ᠤ ᠮᠠᠰᠢᠨ︾ ᠤ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠭᠡᠮ ᠰᠣᠭᠤᠭ ᠣᠷᠣᠰᠢᠵᠤ ᠪᠠᠶᠢᠭ᠎ᠠ ᠣᠷᠣᠨ ᠪᠦᠰᠡ ᠳᠤ ᠰᠡᠷᠡᠮᠵᠢ ᠶᠢᠨ ᠫᠠᠶᠢᠰᠠ ᠪᠣᠰᠬᠠᠬᠤ ᠶᠢᠨ ᠬᠠᠮᠲᠤ ᠤᠬᠤᠭᠤᠷ ᠮᠠᠰᠢᠨ᠂ ᠤᠳᠬᠤᠭᠤᠷ ᠲᠡᠷᠭᠡ ᠵᠡᠷᠭᠡ ᠲᠣᠮᠣ ᠬᠡᠯᠪᠡᠷᠢ ᠶᠢᠨ ᠲᠠᠷᠢᠶᠠᠯᠠᠩ ᠤᠨ ᠮᠠᠰᠢᠨ ᠪᠠᠭᠠᠵᠢ ᠶᠢ ᠰᠢᠯᠵᠢᠭᠦᠯᠦᠨ ᠬᠡᠷᠡᠭᠯᠡᠵᠦ ᠵᠠᠮ ᠤᠨ ᠬᠠᠵᠠᠭᠤ ᠳᠠᠬᠢ ᠴᠢᠯᠠᠭᠤᠨ ᠴᠢᠯᠠᠭᠤ᠂ ᠰᠢᠪᠠᠷ ᠰᠢᠷᠣᠢ ᠵᠡᠷᠭᠡ ᠶᠢ ᠪᠦᠬᠦ ᠲᠠᠯ᠎ᠠ ᠪᠠᠷ ᠴᠡᠪᠡᠷᠯᠡᠵᠦ᠂ ᠵᠠᠮ ᠤᠨ ᠠᠮᠤᠷ ᠲᠦᠪᠰᠢᠨ ᠢᠶᠠᠷ ᠨᠡᠪᠲᠡᠷᠡᠬᠦ ᠶᠢ ᠪᠠᠲᠤᠯᠠᠬᠤ ᠬᠡᠷᠡᠭᠲᠡᠢ᠃    ᠰᠣᠨᠣᠷ ᠰᠡᠷᠡᠮᠵᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠬᠡᠷᠡᠭᠲᠡᠢ᠃ ᠳᠥᠷᠥᠯᠵᠢ ᠪᠠᠯᠭᠠᠰᠤ ᠵᠠᠮ᠂ ᠬᠥᠭᠦᠷᠭᠡ᠂ ᠭᠤᠣᠯ ᠤᠨ ᠡᠷᠭᠢ᠂ ᠭᠤᠯᠳᠤᠩ ᠵᠡᠷᠭᠡ ᠠᠶᠤᠯᠲᠠᠢ ᠣᠷᠣᠨ ᠪᠦᠰᠡ ᠳᠤ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠭᠠᠮᠰᠢᠭᠳᠠᠭᠰᠠᠨ ᠣᠯᠠᠨ ᠲᠦᠮᠡᠨ ᠢ ᠴᠠᠭ ᠲᠤᠬᠠᠢ ᠳᠤᠨᠢ ᠰᠢᠯᠵᠢᠭᠦᠯᠦᠨ ᠲᠥᠪᠬᠢᠨᠡᠭᠦᠯᠪᠡ︔ ᠦᠶᠡᠷ ᠤᠨ ᠬᠤᠭᠤᠴᠠᠭᠠᠨ ᠤ ᠠᠶᠤᠯ ᠠᠴᠠ ᠠᠪᠤᠷᠠᠬᠤ ᠡᠳ᠋ ᠪᠣᠳᠠᠰ ᠲᠥᠬᠦᠭᠡᠷᠦᠮᠵᠢ ᠳᠤ ᠡᠳᠦᠷ ᠲᠤᠲᠤᠮ ᠤᠨ ᠬᠠᠮᠠᠭᠠᠯᠠᠯᠲᠠ ᠪᠠ ᠪᠠᠶᠢᠴᠠᠭᠠᠯᠲᠠ ᠬᠢᠵᠦ᠂ ᠦᠶᠡᠷ ᠤᠨ ᠬᠤᠭᠤᠴᠠᠭᠠᠨ ᠤ ᠠᠶᠤᠯ ᠠᠴᠠ ᠠᠪᠤᠷᠠᠬᠤ ᠡᠳ᠋ ᠪᠣᠳᠠᠰ ᠭᠦᠢᠴᠡᠳ ᠪᠠᠶᠢᠬᠤ ᠶᠢ ᠪᠠᠲᠤᠯᠠᠪᠠ᠃ ᠡᠭᠦᠨ ᠤ ᠬᠠᠮᠲᠤ᠂ ᠳᠥᠷᠥᠯᠵᠢ ᠪᠠᠯᠭᠠᠰᠤᠨ ᠤ ᠨᠠᠮ ᠤᠨ ᠭᠡᠰᠢᠭᠦᠨ᠂ ᠺᠠᠳ᠋ᠷ ᠢ ᠵᠣᠬᠢᠶᠠᠨ ᠪᠠᠶᠢᠭᠤᠯᠵᠤ᠂ ᠠᠪᠤᠷᠠᠨ ᠲᠤᠰᠠᠯᠠᠬᠤ ᠡᠳ᠋ ᠪᠣᠳᠠᠰ ᠵᠢᠴᠢ ᠬᠠᠶᠢᠷ᠎ᠠ ᠬᠠᠯᠠᠮᠵᠢ ᠶᠢᠨ ᠵᠣᠭᠤᠰ ᠮᠥᠩᠭᠦ ᠬᠠᠨᠳᠢᠪᠯᠠᠵᠤ᠂ ᠭᠠᠮᠰᠢᠭᠳᠠᠭᠰᠠᠨ ᠣᠯᠠᠨ ᠲᠦᠮᠡᠨ ᠤ ᠪᠠᠴᠢᠮ ᠪᠠᠶᠢᠳᠠᠯ ᠢ ᠨᠠᠮᠳᠠᠭᠤᠯᠬᠤ ᠶᠢᠨ ᠬᠠᠮᠲᠤ ᠲᠡᠳᠡᠨ ᠢ ᠢᠲᠡᠭᠡᠯ ᠵᠣᠷᠢᠭ ᠢᠶᠠᠨ ᠪᠠᠲᠤᠳᠬᠠᠵᠤ᠂ ᠡᠷᠲᠡᠬᠡᠨ ᠬᠦᠴᠢᠷ ᠢ ᠲᠤᠭᠤᠯᠬᠤ ᠶᠢ ᠵᠣᠷᠢᠭᠵᠢᠭᠤᠯᠪᠠ᠃    ᠳᠠᠷᠠᠭᠠᠴᠢ ᠶᠢᠨ ᠠᠯᠬᠤᠮ ᠳᠤ᠂ ᠳᠥᠷᠥᠯᠵᠢ ᠪᠠᠯᠭᠠᠰᠤ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠴᠢᠨᠠᠭᠰᠢᠳᠠ ᠨᠠᠷᠢᠯᠢᠭᠵᠢᠭᠤᠯᠵᠤ᠂ ᠠᠵᠢᠯ ᠤᠨ ᠬᠦᠴᠦᠨ ᠢᠶᠠᠨ ᠴᠢᠩᠭᠠᠳᠬᠠᠵᠤ᠂ ᠠᠵᠢᠯ ᠤᠨ ᠠᠬᠢᠴᠠ ᠪᠠᠨ ᠲᠦᠷᠭᠡᠳᠬᠡᠵᠦ᠂ ᠣᠯᠠᠨ ᠲᠦᠮᠡᠨ ᠤ ᠬᠡᠷᠡᠭᠴᠡᠭᠡ᠂ ᠬᠦᠰᠡᠯ᠂ ᠪᠠᠴᠢᠮ ᠪᠠᠶᠢᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠢᠢᠳᠪᠦᠷᠢᠯᠡᠵᠦ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠪᠣᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号