ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠦᠬᠡᠷ ᠤᠨ ᠦᠢᠯᠡᠰ︾ ᠢ ᠦᠨᠡᠬᠡᠷ ᠰᠠᠶᠢᠨ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/8/21
   ᠨᠠᠮᠤᠷ ᠤᠨ ᠡᠷᠲᠡ ᠶᠢᠨ ᠦᠶ᠎ᠡ ᠳᠤ᠂ ᠲᠠᠯ᠎ᠠ ᠨᠤᠲᠤᠭ ᠤᠨ ᠬᠢᠨ ᠬᠥᠬᠡ ᠣᠭᠲᠠᠷᠭᠤᠢ ᠳᠤ ᠵᠢᠷᠦᠬᠡ ᠲᠦᠭᠰᠢᠵᠦ᠂ ᠬᠥᠪᠪᠥᠨ ᠲᠤᠩᠭᠠᠯᠠᠭ ᠡᠭᠦᠯᠡ ᠪᠠᠷ ᠰᠢᠯᠦᠭ ᠤᠨ ᠰᠠᠨᠠᠭ᠎ᠠ ᠳᠦᠭᠦᠷᠡᠩ ᠢᠷᠠᠭᠤ ᠰᠠᠶᠢᠬᠠᠨ ᠬᠠᠷᠠᠭᠳᠠᠨ᠎ᠠ᠃ ᠵᠣᠬᠢᠶᠠᠭᠴᠢ ᠪᠦᠬᠦ ᠤᠯᠤᠰ ᠤᠨ ᠠᠯᠠᠰᠢᠨ ᠦᠬᠡᠷ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠨᠡᠶᠢᠲᠡᠯᠢᠭ ᠬᠤᠰᠢᠭᠤ ᠂ ᠤᠯᠤᠰ ᠤᠨ ᠳᠠᠪᠠᠭᠤᠯᠢᠭ ᠣᠨᠴᠠᠯᠢᠭᠲᠤ ᠬᠤᠷᠴᠢᠨ ᠠᠯᠠᠰᠢᠨ ᠦᠬᠡᠷ ᠤᠨ ᠠᠵᠤ ᠦᠢᠯᠡᠰ ᠤᠨ ᠰᠦᠷᠦᠭᠵᠢᠯ ᠢ ᠡᠭᠦᠳᠦᠨ ᠪᠠᠶᠢᠭᠤᠯᠬᠤ ᠬᠤᠰᠢᠭᠤ᠂ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠬᠤᠰᠢᠭᠤ — ︽ᠪᠠᠳᠤᠴᠠᠭᠠᠨ ᠤ ᠰᠡᠳᠬᠢᠯᠭᠡᠲᠦ ᠪᠠᠯᠭᠠᠰᠤ︾ ᠪᠤᠯᠬᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠪᠡ᠃    2024 ᠣᠨ ᠤ ᠳᠡᠭᠡᠷ᠎ᠡ ᠬᠠᠭᠠᠰ ᠵᠢᠯ ᠳᠤ᠂ ᠪᠦᠬᠦ ᠬᠤᠰᠢᠭᠤᠨ ᠤ ᠦᠬᠡᠷ ᠤᠨ ᠲᠤᠭ᠎ᠠ 52.22 ᠲᠦᠮᠡᠨ ᠳᠤᠯᠤᠭᠠᠢ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.12% ᠪᠠᠷ ᠨᠡᠮᠡᠭᠳᠡᠪᠡ︔ ᠦᠷᠡᠵᠢᠯ ᠤᠨ ᠦᠨᠢᠶᠡᠨ ᠤ ᠲᠤᠭ᠎ᠠ 26.94 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.13% ᠪᠠᠷ ᠨᠡᠮᠡᠭᠳᠡᠪᠡ︔ ᠠᠯᠠᠰᠢᠨ ᠦᠬᠡᠷ ᠤᠨ ᠲᠤᠭ᠎ᠠ 47.15 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.93% ᠪᠠᠷ ᠨᠡᠮᠡᠭᠳᠡᠪᠡ︔ ᠰᠠᠶᠢᠨ ᠡᠭᠦᠯᠳᠡᠷ ᠵᠢᠴᠢ ᠡᠭᠦᠯᠳᠡᠷ ᠰᠠᠶᠢᠵᠢᠷᠠᠭᠤᠯᠤᠭᠰᠠᠨ ᠦᠨᠢᠶ᠎ᠡ 5.06 ᠲᠦᠮᠡᠨ ᠳᠤᠯᠤᠭᠠᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 18.63% ᠪᠠᠷ ᠨᠡᠮᠡᠭᠳᠡᠪᠡ᠃ ᠡᠨᠡ ᠬᠦ ᠡᠯᠪᠡᠭ ᠪᠠᠶᠠᠯᠢᠭ ᠮᠠᠯ ᠠᠵᠤ ᠠᠬᠤᠢ ᠶᠢᠨ ᠡᠯᠪᠡᠭ ᠬᠤᠷᠢᠶᠠᠯᠲᠠ ᠶᠢᠨ ᠦᠵᠡᠮᠵᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠬᠡᠷ ᠤᠨ ᠠᠵᠤ ᠦᠢᠯᠡᠰ ᠤᠨ ᠲᠣᠭᠲᠠᠭᠤᠨ ᠤ ᠳᠤᠮᠳᠠ ᠳᠡᠭᠡᠭᠰᠢᠯᠡᠬᠦ ᠦᠨᠳᠦᠰᠦᠨ ᠪᠠᠶᠢᠳᠠᠯ ᠢ ᠪᠠᠲᠤ ᠰᠠᠬᠢᠪᠠ᠃    ᠳᠡᠰ ᠳᠠᠪᠰᠢᠨ ᠬᠡᠯᠪᠡᠷᠢ ᠪᠠᠨ ᠬᠤᠪᠢᠷᠠᠭᠤᠯᠵᠤ ᠨᠣᠭᠤᠭᠠᠷᠠᠭᠤᠯᠤᠯᠲᠠ ᠶᠢ ᠠᠬᠢᠭᠤᠯᠤᠨ᠎ᠠ    ᠲᠠᠯ᠎ᠠ ᠨᠤᠲᠤᠭ ᠢ ᠳᠤᠷᠠᠳᠤᠪᠠᠯ ︽ᠲᠩᠷᠢ ᠨᠢ ᠴᠡᠯᠮᠡᠭ᠂ ᠲᠠᠯ᠎ᠠ ᠨᠤᠲᠤᠭ ᠨᠢ ᠴᠡᠯᠮᠡᠭ᠂ ᠦᠬᠡᠷ ᠬᠤᠨᠢ ᠬᠠᠷᠠᠭᠳᠠᠬᠤ︾ ᠭᠡᠳᠡᠭ ᠪᠣᠯ ᠣᠯᠠᠩᠬᠢ ᠬᠥᠮᠦᠰ ᠤᠨ ᠬᠦᠰᠡᠨ ᠮᠥᠷᠥᠭᠡᠳᠴᠦ ᠪᠠᠶᠢᠭ᠎ᠠ ᠠᠯᠤᠰ ᠤᠨ ᠵᠠᠮ ᠪᠣᠯᠤᠨ᠎ᠠ᠃ ᠣᠳᠣᠬᠠᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠦᠷᠲᠡᠯ᠎ᠡ ᠰᠠᠯᠬᠢᠨ ᠳᠤ ᠦᠯᠢᠶᠡᠭᠳᠡᠨ ᠦᠬᠡᠷ ᠬᠤᠨᠢ ᠬᠠᠷᠠᠭᠳᠠᠬᠤ ᠦᠭᠡᠢ ᠪᠠᠶᠢᠯ᠎ᠠ᠃    ᠦᠨᠡᠨ ᠳᠤ ᠪᠠᠨ᠂ ᠨᠣᠭᠤᠭᠠᠨ ᠵᠦᠯᠭᠡ᠂ ᠦᠬᠡᠷ ᠬᠤᠨᠢ ᠠᠭᠤᠯᠠ ᠨᠢᠷᠤᠭᠤ ᠳᠦᠭᠦᠷᠡᠩ ᠰᠠᠶᠢᠬᠠᠨ ᠦᠵᠡᠮᠵᠢ ᠴᠦ ᠣᠯᠳᠠᠬᠤᠶ᠎ᠠ ᠪᠡᠷᠬᠡ ᠪᠠᠶᠢᠳᠠᠭ᠂ ᠤᠴᠢᠷ ᠨᠢ ᠡᠬᠢ ᠪᠠᠶᠠᠯᠢᠭ ᠬᠢᠵᠠᠭᠠᠷ ᠲᠠᠢ᠂ ᠬᠡᠲᠦᠷᠡᠲᠡᠯ᠎ᠡ ᠮᠠᠯ ᠮᠠᠯᠵᠢᠵᠤ᠂ ᠮᠠᠯ ᠰᠦᠷᠦᠭ ᠤᠨ ᠳᠠᠭᠠᠭᠠᠴᠠ ᠠᠴᠠ ᠪᠣᠯᠤᠭᠰᠠᠨ ᠨᠤᠲᠤᠭ ᠪᠡᠯᠴᠢᠭᠡᠷ ᠮᠠᠭᠤᠳᠠᠬᠤ ᠠᠶᠤᠯ ᠪᠣᠯ ᠲᠤᠬᠠᠢ ᠶᠢᠨ ᠭᠠᠵᠠᠷ ᠤᠨ ᠠᠮᠢ ᠠᠬᠤᠢ ᠶᠢᠨ ᠠᠶᠤᠯ ᠪᠤᠯᠤᠨ᠎ᠠ᠃   ᠬᠠᠮᠤᠭ ᠤᠨ ᠡᠷᠡᠰ ᠰᠢᠭᠤᠷᠬᠠᠢ ᠣᠪᠣᠷ ᠢᠶᠠᠷ᠂ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠪᠡᠯ ᠲᠠᠯ᠎ᠠ ᠨᠤᠲᠤᠭ ᠰᠠᠶ᠋ᠢ ᠲᠠᠴᠢᠷᠳᠠᠬᠤ ᠠᠶᠤᠯ ᠲᠦᠭᠰᠢᠭᠦᠷᠢ ᠶᠢ ᠲᠦᠢᠯᠪᠤᠷᠢᠲᠠᠢ ᠰᠢᠢᠳᠪᠦᠷᠢᠯᠡᠨ᠎ᠡ᠃ 2022 ᠣᠨ ᠳᠤ᠂ ᠨᠢᠭᠡ ᠤᠳᠠᠭᠠᠨ ᠤ ᠪᠦᠬᠦ ᠵᠢᠯ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠤᠳᠠᠭᠠᠨ ᠳᠠᠭᠠᠭᠠᠮᠠᠭᠠᠢ ᠳᠠᠶᠢᠯᠠᠯᠳᠤᠭᠠᠨ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠳᠠᠶᠢᠯᠠᠯᠳᠤᠭᠠᠨ ᠨᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠬᠡ ᠭᠠᠵᠠᠷ ᠲᠤ ᠪᠦᠬᠦ ᠲᠠᠯ᠎ᠠ ᠪᠠᠷ ᠡᠬᠢᠯᠡᠪᠡ᠃    ᠥᠷᠯᠥᠭᠡ ᠶᠢᠨ ᠭᠤᠷᠪᠠ ᠳᠥᠷᠪᠡᠨ ᠴᠠᠭ ᠲᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠴᠠᠭᠳᠠᠨ ᠲᠣᠭᠤᠷᠢᠬᠤ ᠠᠩᠭᠢ ᠶᠢᠨ ᠭᠡᠰᠢᠭᠦᠳ ᠨᠢᠭᠡᠨᠲᠡ ᠬᠦᠳᠡᠭᠡ ᠪᠠᠭᠤᠵᠤ ᠴᠠᠭᠳᠠᠬᠤ ᠵᠠᠮ ᠢᠶᠠᠨ ᠬᠦᠬᠡᠬᠡᠯ᠎ᠡ᠃ ᠥᠷᠯᠥᠭᠡ ᠦᠳᠡᠰᠢ ᠠᠴᠠ ᠰᠥᠨᠢ ᠳᠦᠯᠢ ᠪᠣᠯᠲᠠᠯ᠎ᠠ᠂ ᠰᠥᠨᠢ ᠳᠦᠯᠢ ᠠᠴᠠ ᠥᠷᠯᠥᠭᠡ ᠪᠣᠯᠲᠠᠯ᠎ᠠ᠂ ᠪᠦᠬᠦᠯᠢ ᠡᠳᠦᠷ ᠤᠨ᠂ ᠲᠣᠭᠲᠠᠮᠠᠯ ᠪᠤᠰᠤ ᠴᠠᠭ ᠲᠠᠢ᠂ ᠥᠨᠳᠥᠷ ᠳᠠᠪᠲᠠᠮᠵᠢᠲᠤ ᠡᠳᠦᠷ ᠤᠨ ᠰᠥᠨᠢ ᠪᠠᠷ ᠪᠠᠶᠢᠴᠠᠭᠠᠬᠤ ᠲᠣᠭᠤᠷᠢᠨ ᠪᠠᠶᠢᠴᠠᠭᠠᠬᠤ ᠵᠠᠭᠪᠤᠷ ᠢ ᠬᠡᠷᠡᠭᠯᠡᠵᠦ᠂ ᠲᠣᠭᠤᠷᠢᠨ ᠴᠠᠭᠳᠠᠬᠤ ᠠᠩᠭᠢ ᠪᠦᠬᠦ ᠡᠳᠦᠷ ᠢᠶᠠᠷ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠨᠢᠭᠡᠳᠦᠭᠡᠷ ᠹᠷᠣᠨᠲ ᠲᠤ ᠲᠣᠭᠤᠷᠢᠨ ᠬᠠᠮᠠᠭᠠᠯᠠᠪᠠ᠃       ︽ᠮᠠᠯᠵᠢᠬᠤ ᠶᠢ ᠴᠠᠭᠠᠵᠠᠯᠠᠬᠤ ᠨᠢ ᠡᠷᠲᠡ ᠪᠠᠶᠢᠵᠤ᠂ ᠠᠭᠤᠯᠠ ᠶᠢ ᠲᠣᠭᠤᠷᠢᠨ ᠴᠠᠭᠳᠠᠬᠤ ᠨᠢ ᠡᠷᠲᠡ ᠮᠥᠷᠲᠡᠭᠡᠨ ᠪᠠᠰᠠ ᠣᠷᠦ᠋ᠢᠲᠠᠬᠤ ᠦᠭᠡᠢ᠂ ᠵᠠᠷᠢᠮ ᠳᠠᠭᠠᠨ ᠪᠢᠳᠡ ᠣᠯᠵᠤ ᠮᠡᠳᠡᠭᠰᠡᠨ ᠦᠬᠡᠷ ᠤᠨ ᠲᠤᠭᠤᠷᠠᠢ ᠶᠢᠨ ᠤᠯᠠ ᠮᠥᠷ ᠢ ᠮᠥᠷᠳᠡᠵᠦ᠂ ᠵᠠᠷᠢᠮ ᠳᠠᠭᠠᠨ ᠮᠠᠯᠵᠢᠯ ᠤᠨ ᠴᠡᠭ ᠤᠨ ᠣᠶᠢᠷ᠎ᠠ ᠬᠠᠪᠢ ᠳᠤ ᠰᠠᠭᠤᠵᠤ ᠰᠠᠬᠢᠨ ᠬᠠᠮᠠᠭᠠᠯᠠᠨ᠎ᠠ︾ ᠭᠡᠪᠡ᠃ ᠪᠡᠯᠴᠢᠭᠡᠷᠯᠡᠭᠦᠯᠬᠦ ᠶᠢ ᠴᠠᠭᠠᠵᠠᠯᠠᠬᠤ ᠠᠩᠭᠢ ᠶᠢᠨ ᠭᠡᠰᠢᠭᠦᠨ ᠪᠦᠦ ᠱᠧᠩ ᠵᠣᠬᠢᠶᠠᠭᠴᠢ ᠳᠤ ᠬᠡᠯᠡᠬᠦ ᠳᠡᠭᠡᠨ᠂ ᠮᠠᠯ ᠢ ᠲᠦᠷ ᠦᠯᠡᠳᠡᠭᠡᠵᠦ ᠠᠪᠬᠤ᠂ ᠲᠣᠷᠭᠠᠭᠤᠯᠢ ᠶᠢᠨ ᠬᠠᠭᠤᠳᠠᠰᠤ ᠭᠠᠷᠭᠠᠵᠤ ᠥᠭᠬᠦ᠂ ᠲᠣᠷᠭᠠᠭᠤᠯᠢ ᠶᠢᠨ ᠵᠣᠭᠤᠰ ᠢ ᠬᠤᠷᠢᠶᠠᠨ ᠠᠪᠬᠤ ᠨᠢ ᠦᠨᠳᠦᠰᠦᠨ ᠵᠣᠷᠢᠯᠭ᠎ᠠ ᠪᠢᠰᠢ᠂ ᠮᠠᠯᠴᠢᠨ ᠲᠠᠷᠢᠶᠠᠴᠢᠨ ᠤ ᠪᠦᠳᠦᠭᠦᠯᠢᠭ ᠲᠡᠵᠢᠭᠡᠵᠦ ᠪᠠᠶᠢᠭᠰᠠᠨ ᠠᠴᠠ ᠬᠠᠰᠢᠶᠠᠯᠠᠨ ᠳᠡᠵᠢᠬᠡᠬᠦ ᠲᠡᠶᠢᠰᠢ ᠲᠡᠵᠢᠭᠡᠬᠦ ᠰᠡᠳᠬᠢᠬᠦᠢ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠨᠢ ᠵᠠᠩᠭᠢᠯᠠᠭ᠎ᠠ ᠪᠣᠯᠵᠤ᠂ ᠡᠴᠦᠰ ᠲᠡᠭᠡᠨ ᠠᠮᠢ ᠠᠬᠤᠢ ᠶᠢᠨ ᠦᠷ᠎ᠡ ᠠᠰᠢᠭ ᠬᠢᠭᠡᠳ ᠮᠠᠯᠴᠢᠨ ᠲᠠᠷᠢᠶᠠᠴᠢᠨ ᠤ ᠠᠰᠢᠭ ᠣᠷᠣᠯᠭ᠎ᠠ ᠶᠢ ᠬᠤᠣᠰ ᠴᠢᠭᠯᠡᠯ ᠢᠶᠠᠷ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠦᠨ᠎ᠡ᠃    ᠨᠣᠭᠤᠭᠠᠨ ᠡᠪᠡᠰᠦ ᠶᠢ ᠨᠤᠲᠤᠭ ᠪᠡᠯᠴᠢᠭᠡᠷ ᠲᠤ ᠪᠤᠴᠠᠭᠠᠬᠤ ᠪᠣᠯ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠲᠠᠢ ᠨᠡᠶᠢᠴᠡᠭᠦᠯᠬᠦ᠂ ᠪᠠᠶᠢᠭᠠᠯᠢ ᠶᠢ ᠬᠠᠮᠠᠭᠠᠯᠠᠬᠤ ᠠᠷᠭ᠎ᠠ ᠬᠡᠮᠵᠢᠶ᠎ᠡ ᠪᠣᠯᠤᠨ᠎ᠠ᠃ ᠣᠶᠢᠷ᠎ᠠ ᠶᠢᠨ ᠵᠢᠯ ᠠᠴᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠪᠣᠯ ︽ᠤᠯᠤᠰ ᠤᠨ ᠲᠣᠮᠣ ᠶᠠᠪᠤᠳᠠᠯ ᠮᠥᠨ︾ ᠭᠡᠳᠡᠭ ᠢ ᠪᠠᠲᠤ ᠴᠡᠭᠡᠵᠢᠯᠡᠵᠦ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠶᠢ ᠢᠳᠡᠪᠬᠢᠲᠡᠢ ᠠᠬᠢᠭᠤᠯᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠬᠤᠨᠢ ᠶᠢ ᠴᠥᠭᠡᠳᠬᠡᠨ ᠦᠬᠡᠷ ᠢ ᠨᠡᠮᠡᠭᠳᠡᠭᠦᠯᠬᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠱᠠᠩᠨᠠᠯ ᠨᠥᠬᠦᠪᠥᠷᠢ ᠥᠭᠬᠦ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠠᠰᠢᠶᠠᠯᠠᠨ ᠲᠡᠵᠢᠭᠡᠵᠦ ᠦᠷᠡᠵᠢᠭᠦᠯᠬᠦ ᠪᠠ ᠲᠡᠵᠢᠭᠡᠯ ᠡᠪᠡᠰᠦ ᠲᠠᠷᠢᠬᠤ ᠬᠡᠪᠴᠢᠶ᠎ᠡ ᠶᠢ ᠶᠡᠬᠡᠪᠡᠷ ᠬᠥᠭᠵᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠳᠣᠣᠷ᠎ᠠ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ᠂ ᠳᠠᠷᠤᠭᠠᠰᠤ ᠶᠢ ᠬᠥᠩᠭᠡᠷᠡᠭᠦᠯᠵᠦ ᠨᠣᠭᠤᠭᠠᠷᠠᠭᠤᠯᠤᠯᠲᠠ ᠶᠢ ᠰᠠᠬᠢᠬᠤ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠵᠦ᠂ ᠬᠥᠭᠵᠢᠯᠲᠡ ᠶᠢᠨ ᠲᠥᠯᠥᠪᠵᠢᠭᠦᠯᠭᠡ ᠶᠢ ᠠᠮᠢ ᠠᠬᠤᠢ ᠲᠡᠶᠢᠰᠢ ᠲᠥᠪᠯᠡᠷᠡᠭᠦᠯᠬᠦ ᠶᠢ ᠪᠦᠬᠦ ᠬᠦᠴᠦᠨ ᠢᠶᠠᠷ ᠠᠬᠢᠭᠤᠯᠵᠤ ᠪᠠᠶᠢᠨ᠎ᠠ᠃    2019 ᠣᠨ ᠳᠤ᠂ ᠬᠢᠩᠭᠠᠨ ᠠᠶᠢᠮᠠᠭ ᠤᠨ ᠠᠩᠬᠠᠳᠠᠭᠴᠢ ᠤᠯᠤᠰ ᠤᠨ ᠳᠡᠰ ᠤᠨ ᠦᠷ᠎ᠡ ᠶᠢᠨ ᠦᠬᠡᠷ ᠤᠨ ᠥᠷᠲᠡᠭᠡ — ᠥᠪᠥᠷ ᠮᠣᠩᠭᠤᠯ ᠤᠨ ᠵᠥᠩ ᠨᠦᠩ ᠬᠢᠩᠭᠠᠨ ᠡᠭᠦᠯᠳᠡᠷ ᠤᠨ ᠦᠬᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠰᠠᠭᠤᠷᠢᠰᠢᠪᠠ᠃    2020 ᠣᠨ ᠳᠤ᠂ ᠬᠤᠩ ᠠᠨ ᠶᠡᠭᠡ ᠰᠦᠮ᠎ᠡ ᠶᠢᠨ ᠦᠬᠡᠷ ᠬᠤᠨᠢᠨ ᠤ ᠠᠷᠠᠯᠵᠢᠶᠠᠨ ᠤ ᠵᠠᠬ᠎ᠠ ᠳᠡᠯᠭᠡᠭᠦᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠠᠵᠢᠯ ᠢᠶᠠᠨ ᠡᠬᠢᠯᠡᠭᠦᠯᠪᠡ᠃    2020 ᠣᠨ ᠳᠤ᠂ ᠥᠪᠥᠷ ᠮᠣᠩᠭᠤᠯ ᠤᠨ ᠬᠤᠸᠠ ᠶᠠᠩ ᠦᠬᠡᠷ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠣᠷᠣᠵᠤ ᠰᠠᠭᠤᠪᠠ ᠁    ︽ᠦᠬᠡᠷ︾ ᠤᠨ ᠠᠵᠤ ᠠᠬᠤᠶᠢᠯᠠᠯ ᠵᠠᠯᠭᠠᠭ᠎ᠠ ᠪᠠᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠣᠷᠣᠬᠤ ᠶᠢ ᠳᠠᠭᠠᠯᠳᠤᠨ᠂ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠤᠷᠤᠭᠰᠢᠯᠠᠯᠲᠠ ᠶᠢᠨ ᠳᠠᠭᠤᠤ ᠶᠢ ᠬᠥᠭᠵᠢᠮᠳᠡᠪᠡ᠃    ᠦᠬᠡᠷ ᠲᠡᠵᠢᠭᠡᠬᠦ ᠨᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠠᠯᠴᠢᠨ ᠲᠠᠷᠢᠶᠠᠴᠢᠨ ᠤ ᠪᠠᠶᠠᠵᠢᠯ ᠤᠨ ᠵᠠᠮ ᠳᠡᠭᠡᠷᠡᠬᠢ ᠠᠮᠲᠠᠲᠤ ᠢᠳᠡᠭᠡᠨ ᠪᠣᠯᠤᠭᠰᠠᠨ ᠪᠣᠯᠪᠠᠴᠤ ᠴᠤᠬᠤᠮ ᠶᠠᠮᠠᠷ ᠦᠬᠡᠷ ᠲᠡᠵᠢᠭᠡᠵᠦ᠂ ᠬᠡᠷᠬᠢᠨ ᠲᠡᠵᠢᠭᠡᠬᠦ ᠪᠤᠢ︖ ᠨᠢᠭᠡ ᠦᠬᠡᠷ ᠬᠤᠳᠠᠯᠳᠤᠨ ᠠᠪᠤᠭᠠᠳ 30 ᠦᠬᠡᠷ ᠬᠤᠳᠠᠯᠳᠤᠨ ᠠᠪᠤᠭᠰᠠᠨ ᠠᠯᠳᠠᠭᠳᠠᠯ ᠢ ᠡᠷᠭᠢᠴᠡᠭᠦᠯᠵᠦ ᠦᠵᠡᠪᠡᠯ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠥᠯᠵᠢ ᠪᠠᠯᠭᠠᠰᠤᠨ ᠤ ᠱᠤᠸᠠᠩ ᠶᠢᠨ ᠭᠠᠴᠠᠭᠠᠨ ᠤ ᠲᠡᠵᠢᠭᠡᠨ ᠦᠷᠡᠵᠢᠭᠦᠯᠬᠦ ᠡᠷᠦᠬᠡ ᠪᠦᠦ ᠶᠢᠨ ᠯᠢᠶᠠᠨ ᠥᠪᠡᠷ ᠤᠨ ᠡᠷᠬᠡ ᠦᠭᠡᠢ ᠰᠠᠨᠠᠭ᠎ᠠ ᠠᠯᠳᠠᠵᠤ᠄ ︽ᠡᠭᠦᠯᠳᠡᠷ ᠰᠣᠩᠭᠤᠬᠤ ᠨᠢ ᠮᠠᠰᠢ ᠵᠠᠩᠭᠢᠯᠠᠭ᠎ᠠ︾ ᠭᠡᠵᠦ ᠰᠡᠭᠦᠷᠡᠰᠦ ᠠᠯᠳᠠᠨ᠎ᠠ᠃    ᠰᠢᠮᠧᠨ᠋ᠳᠠᠷ᠂ ᠱᠠᠷᠤᠯᠠᠶ ᠦᠬᠡᠷ ᠵᠡᠷᠭᠡ ᠣᠯᠠᠨ ᠮᠢᠬᠠᠨ ᠤ ᠦᠬᠡᠷ ᠤᠨ ᠡᠭᠦᠯᠳᠡᠷ ᠲᠠᠢ ᠪᠠᠶᠢᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠨᠤᠲᠤᠭᠰᠢᠭᠰᠠᠨ ᠥᠪᠥᠷ ᠮᠣᠩᠭᠤᠯ ᠤᠨ ᠳᠤᠮᠳᠠ ᠲᠠᠷᠢᠶᠠᠴᠢᠨ ᠤ ᠬᠢᠩᠭᠠᠨ ᠡᠭᠦᠯᠳᠡᠷ ᠤᠨ ᠦᠬᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠡᠷᠦᠬᠡ ᠪᠣᠯᠤᠨ ᠲᠤᠬᠠᠢ ᠶᠢᠨ ᠭᠠᠵᠠᠷ ᠤᠨ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠳᠤ ᠴᠢᠨᠠᠷ ᠰᠠᠶᠢᠲᠠᠢ ᠦᠷ᠎ᠡ ᠶᠢᠨ ᠢᠷᠡᠯᠲᠡ ᠶᠢᠨ ᠪᠠᠲᠤᠯᠠᠭ᠎ᠠ ᠬᠠᠩᠭᠠᠵᠠᠢ᠃ ᠣᠳᠣ ᠪᠣᠯᠲᠠᠯ᠎ᠠ᠂ ᠲᠡᠳᠡ ᠨᠢᠭᠡᠨᠲᠡ 3 ᠵᠢᠯ ᠳᠠᠷᠠᠭᠠᠯᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠡᠷᠦᠬᠡ ᠳᠤ 15.5 ᠲᠦᠮᠡᠨ ᠲᠥᠭᠦᠷᠢᠭ ᠤᠨ ᠢᠴᠡᠭᠡᠯ ᠦᠷ᠎ᠡ ᠶᠢ ᠨᠢ ᠦᠨ᠎ᠡ ᠲᠥᠯᠥᠪᠦᠷᠢ ᠦᠭᠡᠢ ᠪᠠᠷ ᠲᠠᠷᠬᠠᠭᠠᠪᠠ᠃ 2023 ᠣᠨ ᠳᠤ ᠬᠥᠮᠦᠨ ᠤ ᠬᠦᠴᠦ ᠪᠠᠷ ᠬᠡᠭᠡᠯᠲᠦᠭᠦᠯᠦᠭᠰᠡᠨ ᠠᠯᠠᠰᠢᠨ ᠦᠬᠡᠷ 11.8 ᠲᠦᠮᠡ᠂ ᠪᠦᠬᠦ ᠬᠤᠰᠢᠭᠤᠨ ᠤ 12 ᠰᠤᠮᠤ ᠪᠠᠯᠭᠠᠰᠤᠨ ᠳᠤ ᠪᠤᠬ᠎ᠠ ᠦᠭᠡᠢ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠠᠵᠢᠯ ᠢ ᠪᠦᠷᠢᠨ ᠪᠥᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠵᠦ᠂ ᠪᠦᠬᠦ ᠬᠤᠰᠢᠭᠤᠨ ᠤ ᠠᠯᠠᠰᠢᠨ ᠦᠬᠡᠷ ᠤᠨ ᠰᠠᠶᠢᠵᠢᠷᠠᠭᠤᠯᠤᠯᠲᠠ ᠶᠢᠨ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠵᠦ᠂ ᠠᠯᠠᠰᠢᠨ ᠦᠬᠡᠷ ᠤᠨ ᠭᠠᠷ ᠬᠡᠭᠡᠯᠲᠦᠭᠦᠯᠭᠡ ᠶᠢᠨ ᠪᠦᠷᠬᠦᠴᠡ ᠶᠢᠨ ᠨᠣᠷᠮ᠎ᠠ ᠶᠢ 98% ᠠᠴᠠ ᠳᠡᠭᠡᠭᠰᠢ ᠳᠤ ᠬᠦᠷᠦᠭᠦᠯᠦᠨ᠎ᠡ᠃     ᠰᠤᠷᠪᠤᠯᠵᠢᠯᠠᠭᠴᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠩ ᠠᠨ ᠶᠡᠭᠡ ᠰᠦᠮ᠎ᠡ ᠶᠢᠨ ᠦᠬᠡᠷ ᠬᠤᠨᠢᠨ ᠤ ᠠᠷᠠᠯᠵᠢᠶᠠᠨ ᠤ ᠵᠠᠬ᠎ᠠ ᠳᠡᠯᠭᠡᠭᠦᠷ ᠠᠴᠠ ᠣᠶᠢᠯᠠᠭᠠᠭᠰᠠᠨ ᠢᠶᠠᠷ᠂ 2024 ᠣᠨ ᠤ 1 ᠰᠠᠷ᠎ᠠ ᠠᠴᠠ 6 ᠰᠠᠷ᠎ᠠ ᠪᠣᠯᠲᠠᠯ᠎ᠠ᠂ ᠦᠬᠡᠷ ᠤᠨ ᠠᠷᠠᠯᠵᠢᠶᠠᠨ ᠤ ᠬᠡᠮᠵᠢᠶ᠎ᠡ 7.1 ᠲᠦᠮᠡᠨ ᠲᠣᠯᠣᠭᠠᠢ᠂ ᠠᠷᠠᠯᠵᠢᠶᠠᠨ ᠤ ᠲᠤᠭ᠎ᠠ 5.4 ᠳ᠋ᠦᠩᠰᠢᠭᠤᠷ ᠲᠥᠭᠦᠷᠢᠭ︔ ᠣᠶᠢᠷ᠎ᠠ ᠶᠢᠨ ᠭᠤᠷᠪᠠᠨ ᠵᠢᠯ ᠳᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠤᠭ᠎ᠠ 330.1 ᠲᠦᠮᠡᠨ ᠲᠣᠯᠣᠭᠠᠢ ᠪᠠᠶᠢᠵᠤ᠂ ᠠᠷᠠᠯᠵᠢᠶᠠᠨ ᠤ ᠲᠤᠭ᠎ᠠ 80.1 ᠳ᠋ᠦᠩᠰᠢᠭᠤᠷ ᠲᠥᠭᠦᠷᠢᠭ ᠲᠤ ᠬᠦᠷᠴᠡᠢ᠃    ᠵᠠᠬ᠎ᠠ ᠳᠡᠯᠭᠡᠭᠦᠷ ᠤᠨ ᠠᠷᠠᠯᠵᠢᠶ᠎ᠠ ᠠᠮᠵᠢᠯᠲᠠ ᠣᠯᠤᠭᠰᠠᠨ ᠤ ᠳᠠᠷᠠᠭ᠎ᠠ᠂ ᠠᠯᠠᠰᠢᠨ ᠦᠬᠡᠷ ᠤᠨ ᠠᠵᠤ ᠦᠢᠯᠡᠰ ᠤᠨ ᠨᠠᠷᠢᠯᠢᠭ ᠡᠳ᠋ᠰᠢᠭᠦᠯᠬᠦ ᠳᠤᠲᠠᠭᠤᠳᠠᠯ ᠢ ᠬᠡᠷᠬᠢᠨ ᠨᠥᠬᠦᠪᠥᠷᠢᠯᠡᠬᠦ ᠪᠤᠢ︖    ᠶᠡᠷᠦᠩᠬᠡᠢ ᠪᠡᠯᠡ ᠣᠷᠣᠭᠤᠯᠤᠯᠲᠠ 2.7 ᠳ᠋ᠦᠩᠰᠢᠭᠤᠷ ᠲᠥᠭᠦᠷᠢᠭ ᠲᠤ ᠬᠦᠷᠦᠭᠰᠡᠨ ᠥᠪᠥᠷ ᠮᠣᠩᠭᠤᠯ ᠤᠨ ᠬᠤᠸᠠ ᠶᠠᠩ ᠦᠬᠡᠷ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢᠨ ︽20 ᠲᠦᠮᠡᠨ ᠲᠣᠨ ᠦᠬᠡᠷ ᠤᠨ ᠮᠢᠬ᠎ᠠ ᠡᠳ᠋ᠰᠢᠭᠦᠯᠦᠨ ᠪᠣᠯᠪᠠᠰᠤᠷᠠᠭᠤᠯᠬᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠤᠨ ᠰᠢᠯᠢᠳᠡᠭ ᠠᠯᠠᠰᠢᠨ ᠦᠬᠡᠷ ᠨᠢᠲᠤᠯᠵᠤ ᠡᠳ᠋ᠰᠢᠭᠦᠯᠦᠨ ᠪᠣᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ ᠤᠨ ᠲᠥᠷᠥᠯ ᠵᠦᠢᠯ︾ ᠢ ᠪᠠᠶᠢᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠯᠠᠰᠢᠨ ᠦᠬᠡᠷ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠠᠮᠵᠢᠯᠲᠠ ᠲᠠᠢ ᠨᠡᠭᠡᠭᠡᠭᠰᠡᠨ ᠪᠠᠶᠢᠨ᠎ᠠ᠃    ᠨᠤᠲᠤᠭ ᠤᠨ ᠰᠢᠯᠢᠳᠡᠭ ᠠᠭᠤᠯᠠ ᠤᠰᠤ ᠨᠢ ᠵᠣᠯ ᠵᠢᠷᠭᠠᠯ ᠪᠠ ᠢᠳᠡ ᠬᠦᠴᠦᠨ ᠢ ᠠᠴᠢᠶᠠᠯᠠᠵᠤ ᠪᠠᠶᠢᠨ᠎ᠠ︔ ᠨᠢᠭᠡ ᠲᠠᠯ᠎ᠠ ᠶᠢᠨ ᠦᠬᠡᠷ ᠤᠨ ᠠᠵᠤ ᠦᠢᠯᠡᠰ ᠨᠢ ᠬᠦᠰᠡᠯ ᠡᠷᠡᠮᠡᠯᠵᠡᠯ ᠪᠠ ᠠᠯᠤᠰ ᠢᠷᠡᠭᠡᠳᠦᠢ ᠶᠢ ᠡᠭᠦᠷᠭᠡᠯᠡᠵᠦ ᠪᠠᠶᠢᠨ᠎ᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠠᠮᠢ ᠠᠬᠤᠢ ᠶᠢ ᠴᠢᠬᠤᠯᠠᠴᠢᠯᠠᠵᠤ᠂ ᠦᠬᠡᠷ ᠤᠨ ᠦᠢᠯᠡᠰ ᠢ ᠬᠥᠭᠵᠢᠭᠦᠯᠵᠦ᠂ ᠰᠣᠶᠣᠯ ᠵᠢᠭᠤᠯᠴᠢᠯᠠᠯ ᠢ ᠠᠬᠢᠭᠤᠯᠬᠤ︾ ᠬᠥᠭᠵᠢᠯᠲᠡ ᠶᠢᠨ ᠰᠡᠳᠬᠢᠮᠵᠢ ᠶᠢ ᠪᠠᠷᠢᠮᠳᠠᠯᠠᠵᠤ ᠂ ᠴᠥᠬᠦᠷᠡᠰᠢ ᠦᠭᠡᠢ ᠤᠷᠤᠭᠰᠢᠯᠠᠵᠤ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号