ᠬᠠᠭᠤᠴᠢᠨ ᠭᠠᠷ ᠤᠲᠠᠰᠤ ᠶᠢ ᠰᠢᠨ᠎ᠡ ᠪᠠᠷ ᠰᠣᠯᠢᠬᠤ ᠳᠤ ᠰᠠᠨᠠᠭᠤᠯᠬᠤ ᠨᠢ
ᠨᠡᠶᠢᠲᠡᠯᠡᠭᠰᠡᠨ ᠴᠠᠭ᠄
2024/8/21
    ᠬᠠᠭᠤᠴᠢᠨ ᠭᠠᠷ ᠤᠲᠠᠰᠤ ᠶᠢ ᠰᠢᠨ᠎ᠡ ᠪᠠᠷ ᠰᠣᠯᠢᠬᠤ ᠳᠤ ᠡᠨᠡ ᠬᠤᠶᠠᠷ ᠵᠦᠢᠯ ᠢ ᠠᠩᠬᠠᠷᠤᠮᠤ︕    ᠲᠠ ᠬᠠᠭᠤᠴᠢᠨ ᠭᠠᠷ ᠤᠲᠠᠰᠤ ᠪᠠᠨ ᠰᠢᠨ᠎ᠡ ᠪᠠᠷ ᠰᠣᠯᠢᠬᠤ ᠪᠠᠷ ᠪᠠᠶᠢᠨ᠎ᠠ ᠤᠤ︖ ᠡᠨᠡ ᠵᠢᠯ ᠠᠴᠠ ᠨᠠᠭᠠᠰᠢ᠂ ᠬᠠᠭᠤᠴᠢᠨ ᠬᠡᠷᠡᠭᠯᠡᠭᠡᠨ ᠤ ᠵᠦᠢᠯᠡᠰ ᠢ ᠰᠢᠨ᠎ᠡ ᠪᠠᠷ ᠰᠣᠯᠢᠬᠤ ᠲᠥᠷᠥ ᠶᠢᠨ ᠪᠣᠳᠣᠯᠭ᠎ᠠ ᠶᠢᠨ ᠬᠡᠪᠴᠢᠶ᠎ᠡ ᠨᠢ ᠲᠠᠰᠤᠷᠠᠯᠲᠠ ᠦᠭᠡᠢ ᠥᠷᠭᠡᠵᠢᠨ ᠡᠷᠴᠢᠮ ᠨᠢ ᠲᠠᠰᠤᠷᠠᠯᠲᠠ ᠦᠭᠡᠢ ᠴᠢᠩᠭᠠᠷᠠᠭᠰᠠᠭᠠᠷ ᠢᠷᠡᠵᠡᠢ᠃ ᠬᠡᠷᠪᠡ ᠲᠠ ᠬᠠᠭᠤᠴᠢᠨ ᠭᠠᠷ ᠤᠲᠠᠰᠤ ᠪᠠᠨ ᠰᠢᠨ᠎ᠡ ᠪᠠᠷ ᠰᠣᠯᠢᠬᠤ ᠶᠢ ᠪᠣᠳᠣᠯᠬᠢᠯᠠᠵᠤ ᠪᠠᠶᠢᠪᠠᠯ ᠳᠠᠷᠠᠭᠠᠬᠢ ᠵᠦᠢᠯᠡᠰ ᠢ ᠠᠩᠬᠠᠷᠪᠠᠯ ᠵᠣᠬᠢᠨ᠎ᠠ᠄    ① ᠭᠠᠷ ᠤᠲᠠᠰᠤᠨ ᠤ ᠳ᠋ᠤᠭᠠᠷ ᠢᠶᠠᠨ ᠠᠶᠤᠯ ᠦᠭᠡᠢ ᠪᠠᠷ ᠰᠢᠯᠵᠢᠭᠦᠯᠬᠦ ᠪᠤᠶᠤ ᠬᠦᠴᠦᠨ ᠦᠭᠡᠢ ᠪᠣᠯᠭᠠᠬᠤ ᠶᠢ ᠠᠩᠬᠠᠷᠤᠭᠠᠷᠠᠢ᠃    ᠬᠡᠷᠪᠡ ᠭᠠᠷ ᠤᠲᠠᠰᠤᠨ ᠤ ᠰᠢᠨ᠎ᠡ ᠳ᠋ᠤᠭᠠᠷ ᠠᠪᠬᠤ ᠪᠤᠶᠤ ᠣᠫᠧᠷᠠᠲ᠋ᠣᠷ ᠢᠶᠠᠨ ᠰᠣᠯᠢᠬᠤ ᠴᠢᠬᠤᠯᠠ ᠲᠠᠢ ᠪᠣᠯ ᠤᠷᠢᠳ ᠢᠶᠠᠷ ᠥᠪᠡᠷ ᠤᠨ ᠪᠡᠶ᠎ᠡ ᠶᠢᠨ ᠦᠨᠡᠮᠯᠡᠯ ᠲᠠᠢ ᠪᠠᠨ ᠬᠤᠯᠪᠤᠭᠰᠠᠨ ᠭᠠᠷ ᠤᠲᠠᠰᠤᠨ ᠤ ᠳ᠋ᠤᠭᠠᠷ ᠬᠡᠳᠦᠢ ᠪᠠᠶᠢᠬᠤ ᠭᠡᠳᠡᠭ ᠢᠶᠠᠨ ᠪᠠᠶᠢᠴᠠᠭᠠᠨ ᠦᠵᠡᠵᠦ᠂ ᠳᠠᠷᠠᠭᠠᠴᠢ ᠪᠠᠷ ᠣᠫᠧᠷᠠᠲ᠋ᠣᠷ ᠲᠠᠢ ᠬᠠᠷᠢᠯᠴᠠᠵᠤ ᠪᠠᠶᠢᠭᠠᠳ ᠭᠠᠷ ᠤᠲᠠᠰᠤᠨ ᠤ ᠳ᠋ᠤᠭᠠᠷ ᠢᠶᠠᠨ ᠰᠢᠯᠵᠢᠭᠦᠯᠬᠦ ᠪᠤᠶᠤ ᠬᠦᠴᠦᠨ ᠦᠭᠡᠢ ᠳᠤ ᠪᠣᠯᠭᠠᠬᠤ ᠳᠤ ᠳᠦᠭᠦᠮ ᠪᠣᠯᠭᠠᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠯᠡᠭᠴᠢ ᠶᠢᠨ ᠦᠵᠦᠭᠦᠷ ᠪᠢᠴᠢᠯ ᠫᠷᠣᠭ᠍ᠷᠠᠮ ︽ᠭᠠᠷ ᠤᠲᠠᠰᠤᠨ ᠤ ᠺᠠᠷᠲ ᠢ ᠨᠢᠭᠡ ᠯᠠ ᠦᠨᠡᠮᠯᠡᠯ ᠢᠶᠠᠷ ᠨᠡᠶᠢᠳᠡᠮ ᠳᠤ ᠨᠢ ᠪᠠᠶᠢᠴᠠᠭᠠᠬᠤ︾ ᠦᠢᠯᠡᠴᠢᠯᠡᠭᠡ ᠪᠠᠷ ᠲᠡᠷᠡ ᠳᠠᠷᠤᠢ ᠳᠤ ᠨᠢ ᠪᠠᠶᠢᠴᠠᠭᠠᠨ ᠯᠠᠪᠯᠠᠬᠤ ᠳᠤ ᠳᠥᠭᠦᠮ ᠪᠠᠶᠢᠳᠠᠭ᠃    ② ᠮᠡᠷᠭᠡᠵᠢᠯ ᠤᠨ ᠪᠥᠭᠡᠳ ᠡᠷᠬᠡ ᠰᠦᠷᠲᠦ ᠠᠷᠠᠯᠵᠢᠶᠠᠯᠠᠬᠤ ᠲᠠᠪᠴᠠᠩ ᠢ ᠰᠣᠩᠭᠤᠵᠤ᠂ ᠳ᠋ᠠᠶᠢᠲ᠋ᠠ ᠪᠠᠨ ᠵᠠᠳᠠᠷᠠᠭᠤᠯᠬᠤ ᠠᠴᠠ ᠰᠡᠷᠭᠡᠶᠢᠯᠡᠭᠡᠷᠡᠢ᠃    ᠭᠠᠷ ᠤᠲᠠᠰᠤᠨ ᠳᠤ ᠬᠤᠪᠢ ᠬᠥᠮᠥᠨ ᠤ ᠨᠢᠭᠤᠴᠠ ᠮᠡᠳᠡᠭᠡ ᠵᠠᠩᠭᠢ ᠣᠯᠠᠨ ᠬᠠᠳᠠᠭᠠᠯᠠᠭᠳᠠᠵᠤ ᠪᠠᠶᠢᠳᠠᠭ᠂ ᠬᠠᠭᠤᠴᠢᠨ ᠭᠠᠷ ᠤᠲᠠᠰᠤ ᠪᠠᠨ ᠰᠣᠯᠢᠬᠤ ᠳᠤ ᠵᠥᠪᠬᠡᠨ ᠬᠠᠭᠤᠴᠢᠨ ᠭᠠᠷ ᠤᠲᠠᠰᠤᠨ ᠤ ︽ᠡᠯᠡᠭᠳᠡᠯ ᠦᠨ᠎ᠡ︾ ᠶᠢ ᠯᠠ ᠠᠩᠬᠠᠷᠤᠭᠠᠳ ᠪᠠᠶᠢᠵᠤ ᠪᠣᠯᠬᠤ ᠦᠭᠡᠢ᠂ ᠡᠷᠬᠡᠪᠰᠢ ᠮᠡᠷᠭᠡᠵᠢᠯ ᠤᠨ ᠪᠥᠭᠡᠳ ᠡᠷᠬᠡ ᠰᠦᠷᠲᠦ ᠲᠠᠪᠴᠠᠩ ᠢ ᠰᠣᠩᠭᠤᠨ ᠠᠷᠠᠯᠵᠢᠶᠠᠯᠠᠬᠤ ᠬᠡᠷᠡᠭᠲᠡᠢ᠃
 
ᠢᠷᠡᠯᠲᠡ᠄ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号