ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦ ᠱᠤ᠋ ᠴᠧᠩ ᠳᠥᠷᠥᠯᠵᠢ ᠪᠠᠯᠭᠠᠰᠤᠨ ᠳᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/8/22
   8 ᠰᠠᠷ᠎ᠠ ᠶᠢᠨ 21 ᠤ ᠡᠳᠦᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦ ᠱᠤ᠋ ᠴᠧᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠥᠯᠵᠢ ᠪᠠᠯᠭᠠᠰᠤᠨ ᠳᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠲᠦᠩ ᠬᠤᠩ ᠶᠠᠨ ᠤᠬᠠᠭᠤᠯᠤᠨ ᠲᠠᠶᠢᠯᠪᠤᠷᠢᠯᠠᠬᠤ ᠳᠤ ᠣᠷᠣᠯᠴᠠᠪᠠ᠃    ᠳᠥᠷᠥᠯᠵᠢ ᠪᠠᠯᠭᠠᠰᠤᠨ ᠳᠤ᠂ ᠯᠢᠦ ᠱᠤ᠋ ᠴᠧᠩ ᠲᠤᠬᠠᠢ ᠶᠢᠨ ᠭᠠᠵᠠᠷ ᠤᠨ ᠨᠠᠮ ᠤᠨ ᠭᠡᠰᠢᠭᠦᠨ ᠺᠠᠳ᠋ᠷ ᠪᠣᠯᠤᠨ ᠣᠯᠠᠨ ᠲᠦᠮᠡᠨ ᠲᠠᠢ ᠶᠠᠷᠢᠯᠴᠠᠬᠤ ᠬᠤᠷᠠᠯ ᠬᠢᠭᠰᠡᠨ ᠪᠥᠭᠡᠳ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠪᠠᠶᠢᠭᠤᠯᠬᠤ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠬᠦ᠂ ᠤᠯᠤᠰ ᠤᠨ ᠠᠮᠤᠷ ᠲᠦᠪᠰᠢᠨ ᠤ ᠰᠢᠰᠲ᠋ᠧᠮ ᠪᠣᠯᠤᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠬᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠳᠦᠷᠢᠮ ᠤᠨ ᠰᠢᠰᠲ᠋ᠧᠮ ᠢ ᠪᠦᠷᠢᠨᠰᠢᠭᠦᠯᠬᠦ ᠵᠡᠷᠭᠡ ᠲᠠᠯ᠎ᠠ ᠪᠠᠷ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠠᠶᠢᠯᠪᠤᠷᠢᠯᠠᠪᠠ᠃    ᠲᠡᠷᠡ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠠ ᠲᠡᠷᠢᠭᠦᠨ ᠴᠢᠬᠤᠯᠠ ᠶᠡᠭᠡ ᠶᠠᠪᠤᠳᠠᠯ ᠮᠥᠨ᠃ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠰᠢᠰᠲ᠋ᠧᠮ ᠲᠠᠢ ᠲᠥᠯᠥᠪᠵᠢᠭᠦᠯᠵᠦ᠂ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠤᠨ ᠲᠣᠭᠤᠷᠢᠨ ᠳᠤ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠢᠩᠭᠠᠨ ᠤ ᠡᠬᠡ ᠭᠠᠵᠠᠷ ᠲᠤ ᠦᠨᠳᠦᠰᠦᠯᠡᠭᠦᠯᠬᠦ ᠶᠢ ᠪᠠᠲᠤᠯᠠᠬᠤ ᠬᠡᠷᠡᠭᠲᠡᠢ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠠᠵᠤ ᠦᠢᠯᠡᠰ ᠤᠨ ᠬᠥᠭᠵᠢᠯᠲᠡ᠂ ᠲᠡᠵᠢᠭᠡᠨ ᠦᠷᠡᠵᠢᠭᠦᠯᠬᠦ ᠦᠢᠯᠡᠰ᠂ ᠣᠨᠴᠠᠯᠢᠭᠲᠤ ᠠᠵᠤ ᠦᠢᠯᠡᠰ᠂ ᠵᠤᠭᠠᠴᠠᠯ ᠤᠨ ᠦᠢᠯᠡᠰ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠡᠷᠭᠡ ᠲᠠᠯ᠎ᠠ ᠪᠠᠷ ᠣᠯᠤᠭᠰᠠᠨ ᠰᠠᠶᠢᠨ ᠦᠷ᠎ᠡ ᠪᠦᠲᠦᠮᠵᠢ ᠪᠣᠯ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠠᠮᠢᠳᠤᠯᠢᠭ ᠦᠢᠯᠡᠳᠦᠯᠭᠡ ᠪᠣᠯᠤᠨ᠎ᠠ᠂ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠰᠢᠭ ᠢ ᠴᠢᠩᠭ᠎ᠠ ᠠᠳᠬᠤᠵᠤ᠂ ᠲᠤᠬᠠᠢ ᠶᠢᠨ ᠭᠠᠵᠠᠷ ᠤᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠨᠡᠨ ᠬᠦ ᠨᠡᠮᠡᠭᠳᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠵᠠᠮ ᠬᠠᠷᠢᠯᠴᠠᠭ᠎ᠠ᠂ ᠣᠷᠣᠨ ᠰᠠᠭᠤᠴᠠ᠂ ᠠᠵᠢᠯ ᠣᠯᠭᠤᠯᠲᠠ᠂ ᠨᠠᠰᠤᠵᠢᠯ ᠤᠨ ᠠᠰᠠᠷᠠᠮᠵᠢ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠳᠠ ᠦᠭᠡᠢ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠦᠢᠯᠡᠳᠦᠯ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨ ᠬᠦ ᠬᠥᠭᠵᠢᠯᠲᠡ ᠶᠢᠨ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号