ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠯᠲᠠ ᠡᠬᠢᠯᠡᠪᠡ
ᠨᠡᠶᠢᠲᠡᠯᠡᠭᠰᠡᠨ ᠴᠠᠭ᠄
2024/8/22
   ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ 6 ᠴᠠᠭᠳᠠᠨ ᠪᠠᠶᠢᠴᠠᠭᠠᠬᠤ ᠳᠤᠭᠤᠶᠢᠯᠠᠩ ᠲᠣᠮᠢᠯᠠᠵᠤ᠂ 42 ᠨᠠᠮ ᠤᠨ ᠵᠣᠬᠢᠶᠠᠨ ᠪᠠᠶᠢᠭᠤᠯᠤᠯᠲᠠ ᠶᠢ ᠴᠠᠭᠳᠠᠨ ᠪᠠᠶᠢᠴᠠᠭᠠᠪᠠ᠃ 8 ᠰᠠᠷ᠎ᠠ ᠶᠢᠨ 20 ᠤ ᠡᠳᠦᠷ ᠪᠣᠯᠲᠠᠯ᠎ᠠ᠂ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠨᠢᠭᠡᠨᠲᠡ ᠪᠦᠬᠦᠨ ᠢᠶᠠᠷ ᠢᠶᠠᠨ ᠪᠠᠶᠢᠴᠠᠭᠠᠭᠳᠠᠬᠤ ᠨᠢᠭᠡᠴᠡ ᠳᠤ ᠣᠷᠣᠵᠤ ᠰᠠᠭᠤᠪᠠ᠃    ᠳᠠᠶᠢᠴᠢᠯᠠᠯᠲᠠ ᠶᠢᠨ ᠬᠤᠷᠠᠯ ᠠᠴᠠ ᠴᠢᠬᠤᠯᠠᠴᠢᠯᠠᠭᠰᠠᠨ ᠨᠢ᠂ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ︽ᠬᠤᠶᠠᠷ ᠢ ᠬᠠᠮᠠᠭᠠᠯᠠᠬᠤ︾ ᠶᠢ ᠦᠨᠳᠦᠰᠦᠨ ᠡᠭᠦᠷᠭᠡ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ ᠤᠯᠤᠰ ᠲᠥᠷᠥ ᠶᠢᠨ ᠬᠢᠨᠠᠯᠲᠠ ᠲᠠᠯᠪᠢᠨ᠎ᠠ᠃ ᠲᠤᠬᠠᠢ ᠶᠢᠨ ᠲᠠᠯᠠᠪᠠᠢ ᠶᠢᠨ ᠴᠠᠭᠳᠠᠨ ᠪᠠᠶᠢᠴᠠᠭᠠᠯᠲᠠ ᠳᠤᠮᠳᠠ᠂ ᠴᠠᠭᠳᠠᠨ ᠪᠠᠶᠢᠴᠠᠭᠠᠭᠳᠠᠬᠤ ᠨᠢᠬᠡᠴᠡ ᠶᠢᠨ ᠡᠭᠦᠷᠭᠡ ᠴᠢᠳᠠᠪᠬᠢ ᠶᠢᠨ ᠣᠨᠴᠠᠯᠢᠭ ᠲᠠᠢ ᠤᠶᠠᠯᠳᠤᠭᠤᠯᠤᠨ᠂ ᠡᠷᠬᠡ ᠪᠠ ᠬᠠᠷᠢᠭᠤᠴᠠᠯᠭ᠎ᠠ ᠶᠢ ᠴᠢᠩᠭ᠎ᠠ ᠠᠩᠬᠠᠷᠴᠤ᠂ ︽ᠨᠢᠭᠡᠳᠦᠭᠡᠷ ᠭᠠᠷ︾ ᠪᠠ ᠤᠳᠤᠷᠢᠳᠬᠤ ᠪᠠᠭ ᠢ ᠴᠢᠩᠭ᠎ᠠ ᠠᠩᠬᠠᠷᠴᠤ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠤᠯᠤᠰ ᠲᠥᠷᠥ ᠶᠢᠨ ᠬᠢᠨᠠᠯᠲᠠ ᠶᠢ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠢ ᠡᠷᠢᠵᠦ ᠰᠢᠢᠳᠪᠦᠷᠢᠯᠡᠬᠦ ᠪᠠ ᠠᠬᠢᠭᠤᠯᠵᠤ᠂ ᠲᠣᠭᠤᠷᠢᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃    ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠰᠠᠨᠠᠯ ᠨᠢᠭᠡᠲᠡᠢ ᠢᠯᠡᠷᠬᠡᠶᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠳᠤᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠦᠨ᠂ ᠠᠳᠠᠯᠢ ᠰᠡᠳᠦᠪ ᠲᠠᠢ ᠬᠠᠮᠲᠤ ᠪᠠᠷ ᠬᠠᠷᠢᠭᠤᠯᠬᠤ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠬᠤ ᠲᠠᠢ ᠢᠳᠡᠪᠬᠢᠲᠡᠢ ᠬᠠᠮᠵᠢᠯᠴᠠᠨ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠶᠢ ᠬᠦᠯᠢᠶᠡᠵᠦ᠂ ᠴᠡᠭᠴᠡᠯᠡᠨ ᠰᠠᠶᠢᠵᠢᠷᠠᠭᠤᠯᠬᠤ ᠶᠢ ᠬᠢᠨᠠᠮᠠᠭᠠᠢ ᠰᠠᠶᠢᠲᠤᠷ ᠠᠳᠬᠤᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠣᠳᠠᠲᠤ ᠠᠵᠢᠯᠯᠠᠭ᠎ᠠ᠂ ᠪᠣᠳᠠᠲᠠᠢ ᠠᠷᠭ᠎ᠠ ᠬᠡᠮᠵᠢᠶ᠎ᠡ᠂ ᠠᠵᠢᠯ ᠤᠨ ᠦᠷ᠎ᠡ ᠪᠦᠲᠦᠮᠵᠢ ᠪᠠᠷ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠦᠨ᠎ᠡ ᠭᠡᠵᠡᠢ᠃    ᠲᠤᠰ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠴᠠᠭ ᠨᠢ 90 ᠡᠳᠦᠷ ᠣᠷᠴᠢᠮ ᠪᠠᠶᠢᠵᠤ᠂ ᠴᠠᠭᠳᠠᠨ ᠪᠠᠶᠢᠴᠠᠭᠠᠬᠤ ᠬᠤᠭᠤᠴᠠᠭᠠᠨ ᠳᠤ ᠲᠤᠰᠬᠠᠢ ᠵᠢᠵᠢᠭᠦᠷᠯᠡᠬᠦ ᠤᠲᠠᠰᠤ᠂ ᠡᠯᠧᠺᠲᠷᠤᠨ ᠰᠢᠤᠳᠠᠨ ᠤ ᠬᠠᠶᠢᠷᠴᠠᠭ ᠪᠠ ᠵᠠᠬᠢᠳᠠᠯ ᠤᠨ ᠬᠠᠶᠢᠷᠴᠠᠭ ᠭᠠᠷᠭᠠᠵᠤ᠂ ᠭᠤᠣᠯᠳᠠᠭᠤ ᠴᠠᠭᠳᠠᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠠ ᠭᠤᠣᠯᠳᠠᠯᠭ᠎ᠠ ᠲᠠᠢ ᠠᠵᠢᠯ ᠤᠨ ᠪᠠᠶᠢᠷᠢ ᠶᠢᠨ ᠠᠵᠢᠯᠲᠠᠨ ᠤ ᠠᠰᠠᠭᠤᠳᠠᠯ ᠢ ᠲᠤᠰᠬᠠᠭᠰᠠᠨ ᠵᠠᠬᠢᠳᠠᠯ ᠪᠠ ᠤᠲᠠᠰᠤ ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠂ ᠭᠤᠣᠯᠳᠠᠯᠭ᠎ᠠ ᠨᠢ ᠤᠯᠤᠰ ᠲᠥᠷᠥ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠣᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠶᠢᠨ ᠠᠰᠠᠭᠤᠳᠠᠯ ᠢ ᠢᠯᠡᠴᠢᠯᠡᠨ ᠮᠡᠳᠡᠭᠦᠯᠬᠦ ᠪᠠ ᠲᠤᠰᠬᠠᠨ᠎ᠠ᠃ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠴᠠᠭ ᠢ 2024 ᠣᠨ ᠤ 11 ᠰᠠᠷ᠎ᠠ ᠶᠢᠨ 18 ᠤ ᠡᠳᠦᠷ ᠪᠣᠯᠲᠠᠯ᠎ᠠ ᠶᠠᠪᠤᠭᠳᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号