ᠰᠦᠨ ᠱᠤᠤ ᠴᠧᠩ ᠲᠦᠮᠡᠳ ᠵᠡᠭᠦᠨ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/8/22
   8 ᠰᠠᠷ᠎ᠠ ᠶᠢᠨ 20 ᠤ ᠡᠳᠦᠷ᠂ ᠰᠦᠨ ᠱᠤᠤ ᠴᠧᠩ ᠭᠦᠭᠡᠬᠤᠲᠠ ᠶᠢᠨ ᠲᠦᠮᠡᠳ ᠵᠡᠭᠦᠨ ᠬᠤᠰᠢᠭᠤᠨ ᠳᠤ ᠬᠦᠷᠴᠦ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠦᠨᠳᠦᠰᠦᠨ ᠱᠠᠲᠤᠨ ᠤ ᠵᠠᠰᠠᠯᠲᠠ ᠵᠡᠷᠭᠡ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ᠃    ᠰᠦᠨ ᠱᠤᠤ ᠴᠧᠩ ᠡᠩ ᠲᠡᠷᠢᠭᠦᠨ ᠳᠤ ᠪᠢᠴᠢᠭᠡᠴᠢ ᠪᠠᠯᠭᠠᠰᠤᠨ ᠳᠤ ᠬᠦᠷᠴᠦ᠂ ᠬᠤᠭ ᠨᠣᠪᠰᠢ ᠬᠠᠶᠠᠬᠤ ᠶᠢ ᠴᠡᠭᠴᠡᠯᠡᠨ ᠰᠠᠶᠢᠵᠢᠷᠠᠭᠤᠯᠬᠤ ᠴᠡᠭ ᠪᠣᠯᠣᠨ ᠪᠠᠷᠢᠯᠭ᠎ᠠ ᠶᠢᠨ ᠬᠤᠭ ᠨᠣᠪᠰᠢ ᠶᠢ ᠠᠷᠢᠯᠭᠠᠬᠤ ᠲᠠᠯᠠᠪᠠᠢ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠬᠤᠭ ᠨᠣᠪᠰᠢ ᠶᠢ ᠰᠢᠢᠳᠪᠦᠷᠢᠯᠡᠬᠦ᠂ ᠬᠤᠭ ᠨᠣᠪᠰᠢ ᠶᠢ ᠠᠷᠢᠯᠭᠠᠬᠤ ᠲᠠᠯᠠᠪᠠᠢ ᠶᠢᠨ ᠡᠵᠡᠩᠨᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠠᠤᠯᠢ ᠪᠤᠰᠤ ᠪᠠᠷ ᠬᠤᠭ ᠨᠣᠪᠰᠢ ᠬᠠᠶᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ᠂ ᠰᠢᠯᠭᠠᠯᠲᠠ ᠶᠢ ᠳᠠᠭᠠᠭᠠᠵᠤ ᠳᠡᠶᠢᠯᠭᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠭ ᠨᠣᠪᠰᠢ ᠶᠢ ᠰᠢᠢᠳᠪᠦᠷᠢᠯᠡᠬᠦ ᠳᠤ ᠰᠢᠰᠲ᠋ᠧᠮᠲᠦ ᠰᠡᠳᠬᠢᠬᠦᠢ ᠪᠠᠨ ᠴᠢᠩᠭᠠᠳᠬᠠᠵᠤ᠂ ᠲᠣᠭᠲᠠᠴᠠ ᠶᠢ ᠪᠦᠷᠢᠨᠰᠢᠭᠦᠯᠬᠦ ᠠᠴᠠ ᠭᠠᠷᠳᠠᠵᠤ᠂ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠵᠡᠷᠭᠡ ᠭᠤᠭᠴᠤᠭ᠎ᠠ ᠶᠢᠨ ᠲᠦᠭᠵᠢᠷᠡᠯ ᠬᠤᠷᠢᠭ᠎ᠠ ᠴᠡᠭ ᠢ ᠨᠠᠪᠲᠠᠷᠡᠭᠦᠯᠵᠦ᠂ ᠠᠵᠢᠯ ᠤᠨ ᠵᠢᠷᠤᠮᠵᠢᠯ ᠲᠠᠢ ᠥᠨᠳᠥᠷ ᠪᠦᠲᠦᠮᠵᠢᠲᠡᠢ ᠡᠷᠭᠢᠯᠳᠦᠬᠦ ᠶᠢ ᠠᠬᠢᠭᠤᠯᠬᠤ ᠬᠡᠷᠡᠭᠲᠡᠢ᠃ ᠬᠤᠭ ᠨᠣᠪᠰᠢ ᠶᠢ ᠠᠷᠢᠯᠭᠠᠬᠤ ᠲᠠᠯᠠᠪᠠᠢ ᠶᠢ ᠪᠦᠲᠦᠭᠡᠨ ᠪᠠᠶᠢᠭᠤᠯᠵᠤ ᠡᠵᠡᠩᠨᠡᠬᠦ ᠳᠤ ᠵᠠᠬ᠎ᠠ ᠳᠡᠯᠭᠡᠭᠦᠷ ᠤᠨ ᠤᠬᠠᠮᠰᠠᠷ ᠢᠶᠠᠨ ᠴᠢᠩᠭᠠᠳᠬᠠᠵᠤ᠂ ᠬᠤᠭ ᠨᠣᠪᠰᠢ ᠶᠢ ᠳᠠᠭᠢᠨ ᠠᠰᠢᠭᠯᠠᠬᠤ ᠲᠦᠪᠰᠢᠨ ᠢ ᠶᠡᠭᠡ ᠪᠠᠷ ᠳᠡᠭᠡᠭᠰᠢᠯᠡᠭᠦᠯᠭᠦ ᠬᠡᠷᠡᠭᠲᠡᠢ ᠭᠡᠪᠡ᠃ ᠴᠠᠭᠠᠰᠤᠴᠢ ᠪᠠᠯᠭᠠᠰᠤᠨ ᠳᠤ ᠰᠦᠨ ᠱᠤᠤ ᠴᠧᠩ ᠦᠨᠳᠦᠰᠦᠨ ᠱᠠᠲᠤᠨ ᠤ ᠺᠠᠳ᠋ᠷ ᠲᠠᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠪᠠᠶᠢᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ᠂ ᠣᠯᠠᠨ ᠲᠦᠮᠡᠨ ᠤ ᠬᠠᠨᠤᠮᠵᠢᠲᠠᠶ ᠪᠠᠶᠢᠬᠤ ᠶᠢ ᠠᠵᠢᠯ ᠤᠨ ᠦᠨᠳᠦᠰᠦᠨ ᠪᠠᠷᠢᠮᠵᠢᠶ᠎ᠠ ᠪᠤᠯᠭᠠᠵᠤ ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠯᠡᠨ ᠣᠯᠠᠨ ᠲᠦᠮᠡᠨ ᠳᠤ ᠦᠢᠯᠡᠴᠢᠯᠡᠬᠦ ᠲᠦᠪᠰᠢᠨ ᠢᠶᠠᠨ ᠳᠡᠭᠡᠭᠰᠢᠯᠡᠭᠦᠯᠭᠦ ᠶᠢ ᠨᠠᠩ ᠴᠢᠬᠤᠯᠠᠴᠢᠯᠠᠵᠤ᠂ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠨᠠᠩ ᠲᠥᠪ ᠭᠤᠤᠯᠴᠢ᠂ ᠨᠠᠩ ᠳᠠᠭᠠᠭᠠᠮᠠᠭᠠᠢ ᠪᠤᠯᠭᠠᠬᠤ ᠬᠡᠷᠡᠭᠲᠡᠢ ᠭᠡᠪᠡ᠃    ᠬᠤᠳᠠ ᠬᠤᠰᠢᠭᠤ ᠬᠤᠶᠠᠷ ᠱᠠᠲᠤᠨ ᠤ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠲᠠᠷᠠᠭ᠎ᠠ᠂ ᠰᠦᠨ ᠱᠤᠤ ᠴᠧᠩ᠂ ᠲᠦᠮᠡᠳ ᠵᠡᠭᠦᠨ ᠬᠤᠰᠢᠭᠤ ᠪᠣᠯ ᠰᠢᠯᠢᠳᠡᠭ ᠤᠯᠠᠮᠵᠢᠯᠠᠯ ᠲᠠᠢ ᠭᠠᠵᠠᠷ ᠪᠣᠯᠣᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠭᠦᠨ ᠠᠴᠠ ᠡᠮᠦᠨ᠎ᠡ ᠠᠵᠢᠯ ᠤᠨ ᠳᠤᠮᠳᠠ ᠢᠯᠡᠷᠡᠭᠰᠡᠨ ᠲᠣᠪᠤᠶᠢᠮ᠎ᠠ ᠠᠰᠠᠭᠤᠳᠠᠯ ᠢ ᠭᠦᠨᠵᠡᠭᠡᠢ ᠲᠤᠩᠭᠠᠨ ᠪᠣᠳᠣᠯᠬᠢᠯᠠᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠰᠠᠶᠢᠲᠤᠷ ᠠᠳᠬᠤᠬᠤ ᠪᠠᠷ ᠠᠵᠠ ᠲᠣᠭᠢᠶᠠᠯ ᠪᠤᠯᠭᠠᠵᠤ᠂ ᠡᠪᠡᠳᠴᠢᠨ ᠤ ᠦᠨᠳᠦᠰᠦ ᠶᠢ ᠭᠦᠨᠵᠡᠭᠡᠢ ᠠᠭᠤᠳᠠᠯᠵᠤ᠂ ᠡᠪᠡᠳᠴᠢᠨ ᠤ ᠦᠨᠳᠦᠰᠦ ᠶᠢ ᠬᠦᠴᠦᠯᠡᠨ ᠠᠷᠢᠯᠭᠠᠵᠤ᠂ ᠬᠦᠨᠳᠦ ᠨᠣᠴᠢᠲᠠᠢ ᠠᠰᠠᠭᠤᠳᠠᠯ ᠭᠠᠷᠤᠭᠰᠠᠨ ᠭᠠᠵᠠᠷ ᠢ ᠴᠡᠭᠴᠡᠯᠡᠨ ᠰᠠᠶᠢᠵᠢᠷᠠᠭᠤᠯᠤᠭᠰᠠᠨ ᠨᠡᠶᠢᠲᠡᠯᠢᠭ ᠵᠢᠱᠢᠶ᠎ᠡ ᠪᠣᠯᠭᠠᠨ ᠬᠤᠪᠢᠷᠠᠭᠤᠯᠵᠤ᠂ ᠪᠤᠰᠤᠳ ᠭᠠᠵᠠᠷ ᠣᠷᠣᠨ ᠳᠤ ᠠᠰᠢᠭᠲᠠᠢ ᠲᠤᠷᠰᠢᠯᠭ᠎ᠠ ᠬᠠᠩᠭᠠᠬᠤ ᠪᠠᠷ ᠴᠢᠷᠮᠠᠶᠢᠬᠤ ᠬᠡᠷᠡᠭᠲᠡᠢ᠃ ᠠᠯᠳᠠᠭ᠎ᠠ ᠪᠠᠨ ᠵᠠᠯᠠᠷᠠᠭᠤᠯᠬᠤ ᠪᠣᠯ ᠥᠭᠡᠷᠡᠴᠢᠯᠡᠯᠲᠡ ᠮᠥᠨ ᠭᠡᠳᠡᠭ ᠢ ᠪᠠᠷᠢᠮᠲᠠᠯᠠᠵᠤ᠂ ᠡᠯ᠎ᠡ ᠲᠠᠯ᠎ᠠ ᠡᠯ᠎ᠡ ᠬᠦᠷᠢᠶᠡᠨ ᠳᠤ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠺᠠᠳ᠋ᠷ ᠤᠨ ᠢᠳᠡᠪᠬᠢᠵᠢᠯ ᠢ ᠨᠡᠩ ᠰᠠᠶᠢᠲᠤᠷ ᠳᠠᠶᠢᠴᠢᠯᠠᠬᠤ ᠬᠡᠷᠡᠭᠲᠡᠢ᠃ ᠣᠯᠠᠨ ᠲᠦᠮᠡᠨ ᠤ ᠬᠦᠰᠡᠯ ᠡᠷᠡᠮᠡᠯᠵᠡᠯ ᠢ ᠣᠶᠢᠯᠠᠭᠠᠬᠤ ᠶᠢ ᠴᠢᠬᠤᠯᠠᠴᠢᠯᠠᠵᠤ᠂ ᠣᠯᠠᠨ ᠲᠦᠮᠡᠨ ᠤ ᠬᠦᠴᠢᠷ ᠠᠰᠠᠭᠤᠳᠠᠯ ᠢ ᠦᠨᠡᠨ ᠪᠣᠳᠠᠲᠠᠢ ᠰᠢᠢᠳᠪᠦᠷᠢᠯᠡᠵᠦ᠂ ᠰᠠᠶᠢᠨ ᠶᠠᠪᠤᠳᠠᠯ ᠬᠢᠵᠦ᠂ ᠣᠯᠠᠨ ᠲᠦᠮᠡᠨ ᠤ ᠡᠵᠡᠨ ᠬᠥᠮᠥᠨ ᠤ ᠤᠬᠠᠮᠰᠠᠷ ᠢᠶᠠᠨ ᠨᠡᠮᠡᠭᠳᠡᠭᠦᠯᠬᠦ ᠶᠢ ᠬᠥᠲᠥᠯᠥᠨ ᠵᠢᠯᠤᠭᠤᠳᠬᠤ ᠬᠡᠷᠡᠭᠲᠡᠢ᠃ ᠠᠷᠭ᠎ᠠ ᠪᠦᠭᠦᠨ ᠢ ᠰᠦᠪᠡᠭᠴᠢᠯᠡᠨ ᠠᠵᠤ ᠠᠬᠤᠢ ᠶᠢᠨ ᠡᠷᠭᠢᠯᠲᠡ ᠶᠢ ᠲᠣᠭᠲᠠᠪᠤᠷᠢᠵᠢᠭᠤᠯᠵᠤ᠂ ᠪᠦᠭᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠃ ᠡᠯ᠎ᠡ ᠵᠦᠢᠯ ᠤᠨ ᠠᠰᠠᠭᠤᠳᠠᠯ ᠳᠤ ᠴᠢᠭᠯᠡᠭᠦᠯᠦᠨ᠂ ᠳᠦᠷᠢᠮ ᠲᠣᠭᠲᠠᠭᠠᠯ ᠲᠣᠭᠲᠠᠭᠠᠬᠤ ᠶᠢ ᠰᠠᠶᠢᠲᠤᠷ ᠠᠳᠬᠤᠵᠤ᠂ ᠲᠣᠭᠲᠠᠭᠠᠬᠤ ᠶᠣᠰᠣᠲᠠᠢ ᠶᠣᠰᠣ ᠳᠦᠷᠢᠮ ᠢ ᠲᠣᠭᠲᠠᠭᠠᠬᠤ ᠬᠡᠷᠡᠭᠲᠡᠢ᠃ ᠨᠠᠮ ᠤᠨ ᠪᠠᠶᠢᠭᠤᠯᠤᠯᠲᠠ᠂ ᠨᠡᠶᠢᠭᠡᠮ ᠤᠨ ᠵᠠᠰᠠᠯᠲᠠ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃    ᠪᠦᠦ ᠭᠠᠩ᠂ ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号