ᠲᠦᠯᠢᠶᠡᠮᠤᠳᠤ ᠪᠠᠯᠭᠠᠰᠤ ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠬᠠᠤᠯᠢ ᠳᠤ ᠠᠩᠬᠠᠷᠤᠯ ᠢᠶᠠᠨ ᠲᠥᠪᠯᠡᠷᠡᠭᠦᠯᠦᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠪᠠ
ᠨᠡᠶᠢᠲᠡᠯᠡᠭᠰᠡᠨ ᠴᠠᠭ᠄
2024/8/26
    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤᠪᠠᠷ ᠰᠠᠭᠤᠵᠤ ᠬᠠᠮᠲᠤᠪᠠᠷ ᠰᠤᠷᠤᠯᠴᠠᠬᠤ᠂ ᠬᠠᠮᠲᠤᠪᠠᠷ ᠠᠵᠢᠯᠯᠠᠵᠤ ᠬᠠᠮᠲᠤᠪᠠᠷ ᠴᠡᠩᠭᠡᠬᠦ᠂ ᠬᠠᠮᠲᠤᠪᠠᠷ ᠪᠠᠶᠢᠭᠤᠯᠵᠤ ᠬᠠᠮᠲᠤᠪᠠᠷ ᠴᠣᠭᠴᠠᠯᠠᠬᠤ ᠶᠢ ᠴᠢᠩᠭᠠᠳᠬᠠᠬᠤ ᠶᠢᠨ ᠲᠥᠯᠥᠭᠡ᠂ ᠲᠦᠯᠢᠶᠡᠮᠤᠳᠤ ᠪᠠᠯᠭᠠᠰᠤ ᠨᠢ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ︽ᠲᠠᠪᠤᠨ ᠨᠢᠭᠡ︾ ᠶᠢᠨ ᠠᠵᠢᠯᠯᠠᠭ᠎ᠠ ᠶᠢ ᠥᠷᠨᠢᠭᠦᠯᠵᠦ᠂ ᠠᠵᠢᠯ ᠢᠶᠠᠨ ᠡᠳᠦᠷ ᠲᠤᠲᠤᠮ ᠤᠨ ᠠᠵᠢᠯ ᠳᠠᠭᠠᠨ ᠬᠢᠵᠦ᠂ ᠦᠷ᠎ᠡ ᠪᠦᠲᠦᠮᠵᠢ ᠭᠠᠷᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ ᠂ ᠠᠮᠤᠷ ᠲᠦᠪᠰᠢᠨ ᠤ ᠲᠥᠷᠥᠭᠳᠡᠯ ᠢ ᠤᠯᠠᠮ ᠴᠢᠨᠠᠭᠰᠢᠳᠠ ᠳᠡᠭᠡᠭᠰᠢᠯᠡᠭᠦᠯᠪᠡ᠃    ᠲᠦᠯᠢᠶᠡᠮᠤᠳᠤ ᠪᠠᠯᠭᠠᠰᠤᠨ ᠤ ᠡᠯ᠎ᠡ ᠭᠠᠴᠠᠭ᠎ᠠ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠳᠤ ᠲᠦᠰᠢᠭᠯᠡᠵᠦ᠂ ᠭᠠᠴᠠᠭᠠᠨ ᠤ ᠨᠠᠮ ᠤᠨ ᠡᠭᠦᠷ ᠤᠨ ᠱᠦᠵᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠠᠷᠭ᠎ᠠ ᠶᠢ ᠵᠣᠬᠢᠶᠠᠨ ᠪᠠᠶᠢᠭᠤᠯᠤᠨ ᠰᠤᠷᠤᠯᠴᠠᠵᠤ᠂ ᠲᠤᠰ ᠠᠷᠭ᠎ᠠ ᠶᠢᠨ ᠠᠭᠤᠯᠭ᠎ᠠ ᠶᠢ ᠨᠠᠷᠢᠨ ᠨᠢᠭᠲᠠ ᠲᠠᠶᠢᠯᠪᠤᠷᠢᠯᠠᠪᠠ᠃ ᠡᠭᠦᠨ ᠤ ᠤᠯᠠᠮ ᠠᠴᠠ ᠠᠷᠠᠳ ᠤᠨ ᠰᠡᠳᠬᠢᠯ ᠢ ᠨᠢᠭᠲᠠᠷᠠᠭᠤᠯᠵᠤ᠂ ᠣᠢᠷᠭᠠ ᠣᠯᠠᠨ ᠳᠦᠮᠠᠨ ᠤ ᠰᠡᠳᠬᠢᠯᠭᠡ ᠶᠢ ᠨᠢᠭᠲᠠᠷᠠᠭᠤᠯᠵᠤ᠂ ᠣᠢᠠᠲᠣᠰᠣᠲᠠᠨ ᠨᠦᠭᠦᠳ ᠤᠨ ᠣᠯᠠᠨ ᠳᠦᠮᠠᠨ ᠤ ᠪᠦᠯᠭᠦᠮᠲᠠᠯ ᠢ ᠨᠡᠩ ᠰᠠᠶᠢᠨ ᠠᠬᠢᠭᠤᠯᠬᠤ ᠬᠡᠷᠠᠭᠲᠠᠢ᠃ ᠬᠤᠷᠠᠯ ᠳᠡᠭᠡᠷ᠎ᠡ᠂ ᠣᠯᠠᠨ ᠢᠶᠠᠷ ᠢᠶᠠᠨ ︽ᠵᠢᠷᠭᠤᠭᠠᠨ ᠥᠭᠦᠯᠡᠪᠦᠷᠢ ᠪᠣᠳᠠᠲᠤ ᠶᠠᠪᠤᠳᠠᠯ ᠪᠠ ᠶᠣᠰᠣ ᠤᠴᠢᠷ︾ ᠢ ᠲᠥᠪᠯᠡᠷᠡᠭᠦᠯᠦᠨ ᠰᠤᠷᠤᠯᠴᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠭᠡᠷᠡᠯ ᠰᠠᠴᠤᠷᠠᠩᠭᠤᠢ ᠲᠡᠦᠬᠡ ᠶᠢ ᠡᠷᠭᠢᠴᠡᠭᠦᠯᠵᠦ᠂ ᠦᠵᠡᠯ ᠰᠠᠨᠠᠭ᠎ᠠ ᠣᠨᠣᠯ ᠢ ᠣᠶᠢᠯᠠᠭᠠᠭᠤᠯᠵᠤ᠂ ᠨᠠᠷᠢᠨ ᠪᠣᠳᠠᠲᠠᠢ ᠰᠢᠭᠤᠳ ᠲᠡᠦᠬᠡᠨ ᠮᠠᠲ᠋ᠧᠷᠢᠶᠠᠯ ᠪᠠ ᠪᠣᠳᠠᠲᠤ ᠵᠢᠱᠢᠶ᠎ᠡ ᠪᠠᠷ ᠥᠪᠥᠷ ᠮᠣᠩᠭᠤᠯ ᠤᠨ ᠬᠥᠭᠵᠢᠯᠲᠡ ᠶᠢᠨ ᠶᠠᠪᠤᠴᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号