ᠬᠤᠶᠠᠷᠰᠤᠮᠤ ᠪᠠᠯᠭᠠᠰᠤ ︽ᠭᠡᠷ ᠤᠨ ᠡᠭᠦᠳᠡ︾ ᠳᠤ ᠨᠠᠮ ᠤᠨ ᠳᠠᠭᠤᠨ ᠢ ᠰᠣᠨᠣᠰᠴᠤ ᠵᠣᠭᠤᠭ ᠳᠡᠯᠭᠡᠪᠡ
ᠨᠡᠶᠢᠲᠡᠯᠡᠭᠰᠡᠨ ᠴᠠᠭ᠄
2024/8/26
   ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢᠨ ᠲᠥᠯᠥᠭᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ᠂ ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠠᠷᠭ᠎ᠠ ᠶᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠬᠤᠶᠠᠷᠰᠤᠮᠤ ᠪᠠᠯᠭᠠᠰᠤᠨ ᠤ ︽ᠭᠡᠷ ᠤᠨ ᠡᠭᠦᠳᠡ︾ ᠶᠢᠨ ᠵᠣᠭᠤᠭᠳᠠᠬᠤ ᠠᠩᠬᠢ ᠪᠠᠯᠭᠠᠰᠤ ᠲᠠᠢ ᠬᠤᠯᠪᠣᠭᠠᠯᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠬᠤᠷᠠᠯ ᠨᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠳᠤ᠂ ᠠᠵᠢᠯᠲᠠᠳ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠬᠡᠯᠪᠡᠷᠢ ᠪᠣᠯᠤᠨ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠨᠠᠮ ᠤᠨ ᠠᠷᠠᠳ ᠲᠤ ᠠᠰᠢᠭᠲᠠᠢ ᠠᠷᠠᠳ ᠲᠤ ᠠᠰᠢᠭ ᠬᠦᠷᠲᠡᠭᠡᠵᠦ ᠠᠷᠠᠳ ᠢ ᠪᠠᠶᠠᠵᠢᠭᠤᠯᠬᠤ ᠵᠡᠷᠭᠡ ᠰᠡᠳᠬᠢᠯ ᠢ ᠳᠤᠯᠠᠭᠠᠴᠠᠭᠤᠯᠬᠤ ᠲᠥᠷᠥ ᠶᠢᠨ ᠪᠣᠳᠣᠯᠭ᠎ᠠ ᠶᠢᠨ ︽ᠡᠭᠡᠯ ᠠᠷᠠᠳ ᠤᠨ ᠭᠡᠷ ᠲᠤ ᠣᠷᠣᠬᠤ︾ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠵᠤ᠂ ᠥᠷᠭᠡᠨ ᠣᠯᠠᠨ ᠲᠦᠮᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨᠬᠦ ᠮᠡᠳᠡᠷᠡᠭᠦᠯᠪᠡ᠃ ᠳᠠᠷᠠᠭᠠᠴᠢ ᠶᠢᠨ ᠠᠯᠬᠤᠮ ᠳᠤ᠂ ᠬᠤᠶᠠᠷᠰᠤᠮᠤ ᠪᠠᠯᠭᠠᠰᠤ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ ᠲᠠᠢ ᠤᠶᠠᠯᠳᠤᠭᠤᠯᠵᠤ᠂ ᠢᠮᠠᠭᠲᠠ ︽ᠣᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠡᠰᠡᠬᠦ︾ ᠪᠠᠷ ᠵᠣᠷᠢᠯᠲᠠ ᠪᠠ ᠲᠤᠰᠤᠯᠲᠠ ᠪᠣᠯᠭᠠᠵᠤ᠂ ᠰᠠᠶᠢᠨ ᠳᠤᠷ᠎ᠠ ᠶᠢᠨ ᠦᠢᠯᠡᠴᠢᠯᠡᠭᠡ ᠶᠢ ᠨᠡᠩ ᠨᠠᠷᠢᠯᠢᠭ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠨᠢᠭᠡᠳᠬᠡᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号