ᠰᠢᠨᠠᠵᠠᠮ ᠰᠤᠮᠤ ᠶᠢᠨ ︽ᠭᠡᠷ ᠤᠨ ᠡᠭᠦᠳᠡᠨ︾ ᠤ ᠵᠣᠭᠤᠭᠳᠠᠬᠤ ᠠᠩᠭᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/26
   ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠪᠣᠳᠠᠲᠠᠢ ᠪᠦᠲᠦᠮᠵᠢᠲᠡᠢ ᠪᠠᠲᠤ ᠪᠠᠬᠢ ᠪᠣᠢ ᠪᠣᠯᠭᠠᠬᠤ ᠶᠢᠨ ᠲᠥᠯᠥᠭᠡ ᠂ ᠣᠶᠢᠷ᠎ᠠ ᠳᠤ᠂ ᠰᠢᠨᠠᠵᠠᠮ ᠰᠤᠮᠤ ᠡᠯ᠎ᠡ ᠭᠠᠴᠠᠭᠠᠨ ᠤ ︽ᠭᠡᠷ ᠤᠨ ᠡᠭᠦᠳᠡ︾ ᠵᠣᠭᠤᠭᠳᠠᠬᠤ ᠠᠩᠭᠢ ᠶᠢ ᠵᠣᠬᠢᠶᠠᠨ ᠪᠠᠶᠢᠭᠤᠯᠵᠤ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ᠂ ᠣᠯᠠᠨ ᠲᠦᠮᠡᠨ ᠤ ᠳᠤᠮᠳᠠ ᠭᠦᠨᠵᠡᠭᠡᠶᠢᠷᠡᠭᠦᠯᠬᠦ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠦᠷᠭᠦᠯᠵᠢᠯᠡᠨ ᠠᠬᠢᠭᠤᠯᠪᠠ᠃    ᠲᠤᠰ ᠠᠵᠢᠯᠯᠠᠭ᠎ᠠ ᠳᠤ᠂ ᠤᠬᠠᠭᠤᠯᠤᠨ ᠲᠠᠶᠢᠯᠪᠤᠷᠢᠯᠠᠭᠴᠢᠳ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠬᠠᠷᠠᠯᠲᠠ᠂ ᠲᠣᠭᠲᠠᠭᠠᠭᠰᠠᠨ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠤᠬᠠᠭᠤᠯᠤᠨ ᠲᠠᠶᠢᠯᠪᠤᠷᠢᠯᠠᠵᠤ ᠭᠦᠨᠵᠡᠭᠡᠢ ᠲᠠᠶᠢᠯᠪᠤᠷᠢᠯᠠᠪᠠ᠃ ᠡᠭᠦᠨ ᠤ ᠬᠠᠮᠲᠤ ᠰᠤᠮᠤᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠶᠢᠷ᠎ᠠ ᠶᠢᠨ ᠵᠢᠯ ᠤᠨ ᠲᠤᠷᠰᠢᠬᠢ ᠰᠢᠨᠠᠵᠠᠮ ᠰᠤᠮᠤ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠠᠮᠵᠢᠯᠲᠠ ᠪᠦᠲᠦᠮᠵᠢ᠂ ᠯᠤᠲᠤ ᠶᠡᠭᠡ ᠬᠤᠪᠢᠷᠠᠯᠲᠠ ᠪᠠᠷ ᠭᠤᠣᠯ ᠰᠢᠵᠢᠮ ᠪᠣᠯᠭᠠᠵᠤ᠂ ︽ᠰᠢᠪᠡᠷ ᠰᠢᠪᠠᠷᠲᠤ ᠵᠠᠮ ᠠᠴᠠ ᠤᠰᠤᠨ ᠰᠢᠪᠠᠷ ᠵᠠᠮ ᠲᠡᠭᠰᠢᠯᠡᠬᠦ ᠬᠦᠷᠲᠡᠯ᠎ᠡ᠂ ᠲᠠᠴᠢᠷ ᠰᠢᠷᠣᠢ ᠡᠯᠡᠰᠦ ᠮᠠᠩᠬᠠᠨ ᠠᠴᠠ ᠨᠣᠭᠤᠭᠠᠨ ᠮᠣᠳᠣ ᠲᠡᠭᠰᠢᠯᠡᠬᠦ ᠬᠦᠷᠲᠡᠯ᠎ᠡ᠂ ᠶᠠᠳᠠᠭᠤ ᠬᠦᠴᠢᠷᠳᠡᠯᠲᠡᠢ ᠭᠠᠵᠠᠷ ᠰᠢᠷᠣᠢ ᠠᠴᠠ ᠲᠥᠪᠯᠡᠷᠡᠨ ᠵᠠᠯᠭᠠᠯᠳᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠬᠦᠷᠲᠡᠯ᠎ᠡ︾ ᠵᠡᠷᠭᠡ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠶᠠᠪᠤᠳᠠᠯ ᠠᠴᠠ ᠭᠠᠷᠳᠠᠵᠤ᠂ ᠪᠠᠭ᠎ᠠ ᠠᠮᠠ ᠪᠠᠷ ᠰᠢᠨᠠᠵᠠᠮ ᠰᠤᠮᠤ ᠶᠢᠨ ᠶᠡᠭᠡ ᠬᠤᠪᠢᠷᠠᠯᠲᠠ ᠶᠢ ᠳᠡᠯᠭᠡᠨ ᠦᠵᠡᠭᠦᠯᠵᠦ᠂ ᠮᠠᠯᠴᠢᠨ ᠲᠠᠷᠢᠶᠠᠴᠢᠨ ᠢ ᠳᠠᠭᠠᠭᠤᠯᠤᠨ ᠨᠠᠮ ᠤᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ ᠶᠢ ᠣᠶᠢᠯᠠᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠴᠠᠭ ᠦᠶ᠎ᠡ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠠᠷᠠᠯᠠᠪᠠ᠃ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠳᠠᠮᠵᠢᠭᠤᠯᠤᠨ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠢᠲᠡᠭᠡᠯ ᠵᠣᠷᠢᠭ ᠢ ᠤᠯᠠᠮ ᠨᠢᠭᠡ ᠠᠯᠬᠤᠮ ᠪᠠᠲᠤᠳᠬᠠᠪᠠ᠃ ᠳᠠᠷᠠᠭᠠᠴᠢ ᠶᠢᠨ ᠠᠯᠬᠤᠮ ᠳᠤ᠂ ᠰᠢᠨᠠᠵᠠᠮ ᠰᠤᠮᠤ ᠤᠬᠠᠭᠤᠯᠤᠨ ᠲᠠᠶᠢᠯᠪᠤᠷᠢᠯᠠᠬᠤ ᠬᠡᠯᠪᠡᠷᠢ ᠶᠢ ᠤᠯᠠᠮ ᠨᠢᠭᠡ ᠠᠯᠬᠤᠮ ᠰᠢᠨᠡᠴᠢᠯᠡᠵᠦ᠂ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠶᠢ ᠪᠠᠶᠠᠯᠢᠭᠵᠢᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠰᠤᠮᠤ ᠶᠢᠨ ᠡᠯ᠎ᠡ ᠵᠦᠢᠯ ᠤᠨ ᠠᠵᠢᠯ ᠲᠠᠢ ᠤᠶᠠᠯᠳᠤᠭᠤᠯᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠵᠤ᠂ ᠰᠢᠨᠠᠵᠠᠮ ᠰᠤᠮᠤ ᠶᠢᠨ ᠴᠢᠨᠠᠷ ᠰᠠᠶᠢᠲᠠᠢ ᠬᠥᠭᠵᠢᠯᠲᠡ ᠳᠤ ᠦᠵᠡᠯ ᠰᠠᠨᠠᠭᠠᠨ ᠤ ᠪᠠᠲᠤᠯᠠᠭ᠎ᠠ ᠬᠠᠩᠭᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号