ᠲᠠᠯ᠎ᠠ ᠨᠤᠲᠤᠭ ᠤᠨ ᠨᠣᠮ ᠤᠨ ᠥᠷᠥᠭᠡ ᠳᠤ ᠰᠢᠨ᠎ᠡ ᠦᠵᠡᠯ ᠰᠠᠨᠠᠭ᠎ᠠ ᠶᠢ ᠬᠠᠮᠲᠤ ᠪᠠᠷ ᠰᠤᠷᠤᠯᠴᠠᠨ᠎ᠠ
ᠨᠡᠶᠢᠲᠡᠯᠡᠭᠰᠡᠨ ᠴᠠᠭ᠄
2024/8/26
   ᠳᠠᠶᠢᠴᠢᠨᠲᠠᠯ᠎ᠠ ᠰᠤᠮᠤ ᠶᠢᠨ ᠲᠠᠯ᠎ᠠ ᠨᠤᠲᠤᠭ ᠤᠨ ᠨᠣᠮ ᠤᠨ ᠥᠷᠥᠭᠡ ᠳᠤ ᠰᠢᠨ᠎ᠡ ᠦᠵᠡᠯ ᠰᠠᠨᠠᠭ᠎ᠠ ᠶᠢ ᠬᠠᠮᠲᠤ ᠪᠠᠷ ᠣᠶᠢᠯᠠᠭᠠᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠮᠡᠳᠡᠯᠭᠡ ᠶᠢ ᠰᠤᠷᠤᠯᠴᠠᠬᠤ᠂ ᠣᠯᠤᠯᠲᠠ ᠲᠥᠷᠥᠭᠳᠡᠯ ᠢᠶᠠᠨ ᠬᠤᠪᠢᠶᠠᠯᠴᠠᠬᠤ᠂ ᠪᠣᠯᠪᠠᠰᠤᠷᠠᠯ ᠢᠶᠠᠨ ᠴᠢᠩᠭᠠᠳᠬᠠᠬᠤ ᠰᠣᠯᠢᠯᠴᠠᠭᠠᠨ ᠤ ᠲᠠᠪᠴᠠᠩ ᠢ ᠢᠳᠡᠪᠬᠢᠲᠡᠢ ᠪᠠᠶᠢᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ︽ᠨᠣᠮ ᠤᠩᠰᠢᠬᠤ ᠳᠤᠷᠠᠲᠠᠢ᠂ ᠰᠠᠶᠢᠨ ᠨᠣᠮ ᠤᠩᠰᠢᠵᠤ᠂ ᠨᠣᠮ ᠤᠩᠰᠢᠬᠤ ᠳᠤ ᠴᠢᠳᠠᠮᠠᠭᠠᠢ︾ ᠭᠡᠬᠦ ᠬᠠᠯᠠᠭᠤᠨ ᠰᠡᠳᠬᠢᠯᠭᠡ ᠶᠢ ᠬᠥᠭᠵᠢᠭᠡᠬᠦ ᠶᠢᠨ ᠲᠥᠯᠥᠭᠡ᠂ ᠣᠶᠢᠷ᠎ᠠ ᠳᠤ᠂ ᠳᠠᠶᠢᠴᠢᠨᠲᠠᠯ᠎ᠠ ᠰᠤᠮᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠯ᠎ᠠ ᠨᠤᠲᠤᠭ ᠤᠨ ᠨᠣᠮ ᠤᠨ ᠥᠷᠥᠭᠡ ᠶᠢ ᠤᠩᠰᠢᠬᠤ ᠠᠵᠢᠯᠯᠠᠭ᠎ᠠ ᠥᠷᠨᠢᠭᠦᠯᠵᠦ᠂ ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠠᠷᠭ᠎ᠠ ᠶᠢ ᠨᠠᠶᠢᠳᠠᠪᠤᠷᠢᠵᠢᠭᠤᠯᠪᠠ᠃ ᠭᠠᠴᠠᠭ᠎ᠠ ᠥᠷᠭᠡᠨ ᠣᠯᠠᠨ ᠮᠠᠯᠴᠢᠨ ᠲᠠᠷᠢᠶᠠᠴᠢᠨ ᠲᠦᠮᠡᠨ ᠢ ᠵᠣᠬᠢᠶᠠᠨ ᠪᠠᠶᠢᠭᠤᠯᠤᠨ ᠤᠩᠰᠢᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠡᠯ᠎ᠡ ᠭᠠᠴᠠᠭ᠎ᠠ ᠬᠠᠮᠲᠤ ᠪᠠᠷ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ︿ᠲᠣᠭᠲᠠᠭᠠᠯ﹀ ᠢ ᠰᠤᠷᠤᠯᠴᠠᠵᠤ ᠬᠠᠪᠰᠤᠷᠤᠨ ᠵᠢᠯᠣᠭᠤᠳᠬᠤ ᠵᠠᠭᠤᠨ ᠠᠰᠠᠭᠤᠯᠲᠠ︾ ᠶᠢ ᠰᠤᠷᠤᠯᠴᠠᠬᠤ ᠠᠵᠢᠯᠯᠠᠭ᠎ᠠ ᠥᠷᠨᠢᠭᠦᠯᠬᠦ ᠶᠢᠨ ᠬᠠᠮᠲᠤ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠯᠲᠠ ᠪᠠ ᠣᠯᠤᠯᠲᠠ ᠲᠥᠷᠥᠭᠳᠡᠯ ᠢᠶᠠᠨ ᠰᠣᠯᠢᠯᠴᠠᠨ ᠬᠤᠪᠢᠶᠠᠯᠴᠠᠵᠤ᠂ ᠥᠷᠭᠡᠨ ᠣᠯᠠᠨ ᠮᠠᠯᠴᠢᠨ ᠲᠠᠷᠢᠶᠠᠴᠢᠨ ᠲᠦᠮᠡᠨ ᠪᠦᠭᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠪᠠ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠡᠭᠦᠨ ᠤ ᠳᠤᠮᠳᠠ ᠠᠴᠠ ᠦᠵᠡᠯ ᠰᠠᠨᠠᠭ᠎ᠠ ᠶᠢ ᠣᠶᠢᠯᠠᠭᠠᠵᠤ᠂ ᠬᠦᠴᠦᠨ ᠴᠢᠳᠠᠯ ᠣᠯᠵᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠢ ᠭᠡᠵᠦ ᠢᠯᠡᠳᠬᠡᠵᠡᠭᠡᠪᠡ᠃ ᠲᠤᠰ ᠤᠳᠠᠭᠠᠨ ᠤ ᠤᠩᠰᠢᠯᠭ᠎ᠠ ᠶᠢᠨ ᠠᠵᠢᠯᠯᠠᠭ᠎ᠠ ᠨᠢ ᠨᠢᠭᠡ ᠤᠳᠠᠭᠠᠨ ᠤ ᠤᠩᠰᠢᠯᠭ᠎ᠠ ᠶᠢᠨ ᠰᠣᠯᠢᠯᠴᠠᠭ᠎ᠠ ᠪᠣᠯᠬᠤ ᠪᠠᠷ ᠪᠠᠷᠠᠬᠤ ᠦᠭᠡᠢ᠂ ᠨᠡᠩ ᠴᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠳᠠᠬᠢᠨ ᠠᠬᠢᠭᠤᠯᠵᠤ᠂ ᠳᠠᠬᠢᠨ ᠨᠠᠶᠢᠳᠠᠪᠤᠷᠢᠵᠢᠭᠤᠯᠬᠤ ᠶᠠᠪᠤᠳᠠᠯ ᠪᠣᠯᠤᠨ᠎ᠠ᠃ ᠳᠠᠷᠠᠭᠠᠴᠢ ᠶᠢᠨ ᠠᠯᠬᠤᠮ ᠳᠤ᠂ ᠳᠠᠶᠢᠴᠢᠨᠲᠠᠯ᠎ᠠ ᠰᠤᠮᠤ ᠨᠡᠩ ᠣᠯᠠᠨ ᠬᠡᠯᠪᠡᠷᠢ ᠪᠠᠷ ᠤᠩᠰᠢᠯᠭ᠎ᠠ ᠶᠢᠨ ᠠᠵᠢᠯᠯᠠᠭ᠎ᠠ᠂ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠵᠡᠷᠭᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠭᠦᠨᠵᠡᠭᠡᠢ ᠤᠬᠠᠭᠤᠯᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠥᠮᠦᠨ ᠪᠦᠬᠦᠨ ᠳᠤ ᠮᠡᠳᠡᠭᠦᠯᠵᠦ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠪᠠᠲᠤᠯᠠᠬᠤ ᠪᠣᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号