ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠦᠬᠡᠷ ᠤᠨ ᠠᠵᠤ ᠦᠢᠯᠡᠰ ᠢ ᠠᠬᠢᠭᠤᠯᠤᠨ᠎ᠠ
ᠨᠡᠶᠢᠲᠡᠯᠡᠭᠰᠡᠨ ᠴᠠᠭ᠄
2024/8/26
   ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠡᠭᠡᠵᠢᠩ ᠥᠪᠥᠷ ᠮᠣᠩᠭᠤᠯ ᠤᠨ ᠨᠡᠶᠢᠭᠡᠮᠯᠢᠭ ᠢᠶᠠᠷ ᠠᠵᠠ ᠲᠣᠬᠢᠶᠠᠯ ᠪᠣᠯᠭᠠᠵᠤ᠂ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠳᠤ ᠲᠦᠰᠢᠭᠯᠡᠨ᠂ ︽ᠦᠬᠡᠷ ᠤᠨ ᠦᠢᠯᠡᠰ ᠢ ᠬᠦᠭᠵᠢᠬᠦᠯᠬᠦ︾ ᠬᠥᠭᠵᠢᠯᠲᠡ ᠶᠢᠨ ᠰᠡᠳᠬᠢᠬᠦᠢ ᠳᠤ ᠰᠠᠭᠤᠷᠢᠯᠠᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠤᠨ ᠲᠦᠷᠭᠡᠨ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ︽ᠲᠦᠷᠭᠡᠨ ᠵᠠᠮ︾ ᠳᠤ ᠣᠷᠣᠭᠤᠯᠬᠤ ᠶᠢ ᠠᠬᠢᠭᠤᠯᠪᠠ᠃    ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠪᠦᠲᠦᠭᠡᠨ ᠪᠠᠶᠢᠭᠤᠯᠬᠤ ᠲᠥᠷᠥᠯ ᠵᠦᠢᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳ᠋ᠦᠩ ᠳ᠋ᠡ ᠪᠠᠶᠠᠯᠢᠭ ᠬᠦᠷᠢᠶᠡᠯᠡᠩ ᠲᠣᠭᠤᠷᠢᠭ ᠲᠤ ᠬᠦᠷᠬᠦ ᠳᠤ᠂ ᠡᠪᠡᠰᠦ ᠪᠣᠷᠳᠤᠭ᠎ᠠ ᠲᠠᠷᠢᠬᠤ᠂ ᠠᠯᠠᠰᠢᠨ ᠦᠬᠡᠷ ᠦᠷᠡᠵᠢᠭᠦᠯᠦᠨ ᠪᠤᠶᠢᠵᠢᠭᠤᠯᠬᠤ᠂ ᠣᠶᠤᠨᠴᠢ ᠬᠢᠨᠠᠯᠲᠠ ᠬᠠᠮᠢᠶᠠᠷᠤᠯᠲᠠ ᠁ ᠣᠯᠠᠨ ᠲᠥᠷᠥᠯ ᠤᠨ ᠠᠵᠤ ᠠᠬᠤᠶᠢᠯᠠᠯ ᠬᠠᠮᠲᠤ ᠪᠠᠷ ᠨᠢᠭᠡ ᠬᠦᠷᠢᠶᠡᠯᠡᠩ ᠲᠣᠭᠤᠷᠢᠭ ᠣᠷᠣᠰᠢᠵᠤ ᠪᠠᠶᠢᠨ᠎ᠠ᠂ ᠡᠨᠡ ᠬᠦ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠡᠵᠡᠩᠨᠡᠯᠲᠡ ᠶᠢᠨ ᠪᠠᠶᠢᠳᠠᠯ ᠨᠢ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ︾ ᠠᠴᠠ ᠪᠣᠯᠤᠭᠰᠠᠨ ᠬᠥᠭᠵᠢᠯᠲᠡ ᠶᠢᠨ ᠬᠥᠳᠡᠯᠭᠡᠬᠦ ᠬᠦᠴᠦᠨ ᠪᠠ ᠢᠳᠡ ᠬᠦᠴᠦᠨ ᠠᠴᠠ ᠢᠷᠡᠯᠲᠡᠢ᠃ ᠬᠡᠳᠦᠨ ᠵᠢᠯ ᠤᠨ ᠬᠤᠭᠤᠴᠠᠭᠠᠨ ᠳᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠥᠷᠥᠯ ᠵᠦᠢᠯ ᠤᠨ ᠪᠡᠯᠡ ᠮᠥᠩᠭᠦ ᠪᠠᠷ ᠬᠦᠴᠦᠨ ᠪᠣᠯᠭᠠᠵᠤ᠂ ᠤᠷᠢᠳ ᠬᠤᠵᠢᠳ ᠪᠡᠭᠡᠵᠢᠩ ᠥᠪᠥᠷ ᠮᠣᠩᠭᠤᠯ ᠤᠨ ᠪᠣᠷᠳᠣᠵᠤ ᠲᠠᠷᠭᠤᠯᠠᠭᠤᠯᠬᠤ ᠦᠬᠡᠷ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠴᠢᠯᠡᠭᠡᠨ ᠤ ᠲᠥᠪ᠂ ᠬᠢᠶᠠᠭ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠪᠡᠭᠡᠵᠢᠩ ᠥᠪᠥᠷ ᠮᠣᠩᠭᠤᠯ ᠤᠨ ᠬᠠᠮᠲᠤ ᠪᠠᠷ ᠪᠠᠶᠢᠭᠤᠯᠬᠤ ᠠᠵᠤ ᠦᠢᠯᠡᠰ ᠤᠨ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠣᠶᠤᠨᠴᠢ ᠦᠢᠯᠡᠳᠪᠦᠷᠢᠯᠡᠯ ᠬᠢᠭᠡᠳ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠤᠨ ᠣᠳᠣᠬᠢᠴᠢᠯᠠᠯᠲᠠ᠂ ᠨᠠᠷᠢᠯᠢᠬᠵᠢᠭᠤᠯᠤᠯᠲᠠ ᠪᠠ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠪᠠ᠃ ᠥᠪᠥᠷ ᠮᠤᠩᠬᠤᠯ ᠤᠨ ᠬᠤᠩ ᠠᠨ ᠦᠬᠡᠷ ᠤᠨ ᠦᠶ᠋ᠯᠡᠰ ᠤᠨ ᠰᠢᠨᠵᠢᠯᠡᠬᠦ ᠤᠬᠠᠬᠠᠨ ᠮᠡᠷᠭᠡᠵᠢᠯ ᠤᠨ ᠬᠢᠵᠠᠬᠠᠷᠲᠤ ᠺᠤᠮᠫᠠᠨ᠋ᠢ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠬᠤᠷᠢᠨ ᠭᠠᠵᠠᠷ᠃ ᠥᠪᠥᠷ ᠮᠣᠩᠭᠤᠯ ᠤᠨ ᠬᠤᠩ ᠠᠨ ᠦᠬᠡᠷ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ ᠦᠬᠡᠷᠴᠢᠳ ᠶᠠᠭ ᠦᠬᠡᠷ ᠤᠨ ᠬᠠᠰᠢᠶᠠᠨ ᠳᠤ ᠡᠪᠡᠰᠦ ᠢᠳᠡᠵᠦ ᠪᠠᠶᠢᠨ᠎ᠠ᠃    ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ ᠶᠢ ᠠᠰᠢᠭᠯᠠᠨ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠴᠢᠨᠠᠷ ᠰᠠᠶᠢᠲᠠᠢ ᠠᠯᠠᠰᠢᠨ ᠦᠬᠡᠷ ᠤᠨ ᠡᠭᠦᠯᠳᠡᠷ ᠢ ᠣᠷᠣᠭᠤᠯᠤᠨ ᠠᠪᠴᠢᠷᠠᠵᠤ᠂ ᠤᠯᠠᠮᠵᠢᠯᠠᠯᠲᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠲᠤ ᠰᠢᠨ᠎ᠡ ᠰᠣᠷᠭᠤᠭ ᠴᠢᠰᠤ ᠨᠡᠮᠡᠷᠢᠯᠡᠪᠡ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠬᠡᠷ ᠤᠨ ᠠᠵᠤ ᠦᠢᠯᠡᠰ ᠤᠨ ᠭᠤᠣᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠲᠤᠰ ᠺᠣᠮᠫᠠᠨᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ᠂ ᠮᠡᠷᠭᠡᠵᠢᠯ ᠤᠨ ᠳᠡᠮᠵᠢᠯᠭᠡ ᠶᠢᠨ ᠠᠴᠢ ᠲᠤᠰᠠ ᠣᠯᠵᠤ᠂ ᠤᠷᠢᠳ ᠬᠤᠵᠢᠳ ᠡᠪᠡᠰᠦᠨ ᠮᠠᠲ᠋ᠧᠷᠢᠶᠠᠯ ᠤᠨ ᠬᠥᠮᠥᠷᠭᠡ᠂ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ ᠵᠡᠷᠭᠡ ᠰᠠᠭᠤᠷᠢ ᠲᠥᠬᠦᠭᠡᠷᠦᠮᠵᠢ ᠶᠢ ᠪᠠᠶᠢᠭᠤᠯᠵᠤ᠂ ᠦᠬᠡᠷ ᠤᠨ ᠠᠵᠤ ᠦᠢᠯᠡᠰ ᠢ ᠪᠦᠬᠦ ᠬᠦᠴᠦᠨ ᠢᠶᠠᠷ ᠢᠶᠠᠨ ᠬᠥᠭᠵᠢᠭᠦᠯᠪᠡ᠃ ᠡᠭᠦᠨ ᠤ ᠬᠠᠮᠲᠤ ᠪᠠᠰᠠ ᠦᠬᠡᠷ ᠬᠤᠨᠢᠨ ᠤ ᠠᠷᠠᠯᠵᠢᠶᠠᠨ ᠤ ᠵᠠᠬ᠎ᠠ ᠳᠡᠯᠭᠡᠭᠦᠷ ᠢ ᠡᠵᠡᠩᠨᠡᠵᠦ᠂ ᠲᠤᠬᠠᠢ ᠶᠢᠨ ᠭᠠᠵᠠᠷ ᠤᠨ ᠲᠡᠵᠢᠭᠡᠨ ᠦᠷᠡᠵᠢᠭᠦᠯᠬᠦ ᠡᠷᠦᠬᠡ ᠪᠠ ᠫᠠᠨᠽᠠᠯᠠᠨ ᠵᠥᠭᠡᠭᠡᠪᠦᠷᠢᠯᠡᠬᠦ ᠡᠷᠦᠬᠡ ᠳᠤ ᠮᠠᠯ ᠤᠨᠤᠭ᠎ᠠ ᠶᠢ ᠬᠤᠳᠠᠯᠳᠤᠨ ᠠᠪᠴᠤ ᠪᠣᠷᠣᠯᠠᠭᠤᠯᠬᠤ ᠰᠠᠶᠢᠨ ᠰᠠᠶᠢᠬᠠᠨ ᠲᠠᠪᠴᠠᠩ ᠪᠠᠶᠢᠭᠤᠯᠵᠤ ᠥᠭᠴᠡᠢ᠃    ᠰᠠᠶᠢᠨ ᠲᠥᠷᠥᠯ ᠵᠦᠢᠯ ᠪᠠᠶᠢᠪᠠᠯ᠂ ᠡᠷᠭᠢᠨ ᠲᠣᠭᠤᠷᠢᠨ ᠤ ᠲᠣᠰᠬᠤᠨ ᠤ ᠠᠷᠠᠳ ᠴᠦ ᠠᠰᠢᠭ ᠬᠦᠷᠲᠡᠵᠦ᠂ ᠲᠡᠵᠢᠭᠡᠨ ᠦᠷᠡᠵᠢᠭᠦᠯᠬᠦ ᠡᠷᠦᠬᠡ ᠪᠠᠢ ᠯᠦᠩ ᠪᠣᠯ ᠳᠠᠷᠤᠢ ᠲᠡᠭᠦᠨ ᠤ ᠳᠣᠲᠣᠷᠠᠬᠢ ᠨᠢᠭᠡ ᠨᠢ ᠮᠥᠨ᠂ ᠪᠡᠭᠡᠵᠢᠩ ᠥᠪᠥᠷ ᠮᠣᠩᠭᠤᠯ ᠤᠨ ᠪᠣᠷᠳᠣᠵᠤ ᠲᠠᠷᠭᠤᠯᠠᠭᠤᠯᠬᠤ ᠦᠬᠡᠷ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠠᠶᠢᠭᠤᠯᠤᠭᠰᠠᠨ ᠠᠴᠠ ᠪᠣᠯᠵᠣ᠂ ᠲᠡᠭᠦᠨ ᠢ ᠨᠠᠶᠢᠳᠠᠪᠤᠷᠢᠲᠠᠢ ᠦᠬᠡᠷ ᠲᠡᠵᠢᠭᠡᠬᠦ ᠲᠠᠯᠠᠪᠤᠷ ᠲᠠᠢ ᠪᠣᠯᠭᠠᠵᠤ᠂ ︽ᠭᠡᠷ ᠤᠨ ᠡᠭᠦᠳᠡ︾ ᠳᠤ ᠨᠢᠭᠡ ᠪᠦᠯᠦᠭ ᠲᠣᠭᠲᠠᠭᠤᠨ ᠣᠷᠣᠯᠭ᠎ᠠ ᠲᠠᠢ ᠪᠣᠯᠵᠠᠢ᠃ ᠪᠠᠢ ᠯᠦᠩ ᠬᠡᠯᠡᠬᠦ ᠳᠡᠭᠡᠨ᠄ ︽ᠪᠢ ᠠᠳᠡ ᠢᠷᠡᠭᠡᠳ ᠨᠢᠭᠡ ᠵᠢᠯ ᠭᠠᠷᠤᠢ ᠪᠣᠯᠵᠠᠢ᠂ ᠠᠳᠡᠬᠢ ᠦᠬᠡᠷ ᠤᠨ ᠬᠠᠰᠢᠶ᠎ᠠ ᠨᠠᠮᠠᠶᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠵᠤ᠂ ᠪᠠᠰᠠ ᠠᠵᠢᠯᠲᠠᠳ ᠪᠢᠳᠡᠨ ᠳᠤ ᠮᠡᠷᠭᠡᠵᠢᠯ ᠤᠨ ᠵᠢᠯᠣᠭᠤᠳᠣᠯᠭ᠎ᠠ ᠬᠠᠩᠭᠠᠵᠤ᠂ ᠵᠢᠯ ᠪᠦᠷᠢ ᠶᠢᠨ ᠣᠷᠣᠯᠭ᠎ᠠ ᠮᠠᠰᠢ ᠰᠠᠶᠢᠨ ᠪᠠᠶᠢᠨ᠎ᠠ︾ ᠭᠡᠵᠡᠢ᠃   ᠣᠯᠠᠨ ᠵᠢᠯ ᠤᠨ ᠲᠤᠷᠰᠢ᠂ ᠪᠡᠭᠡᠵᠢᠩ ᠬᠤᠲᠠ ᠶᠢᠨ ᠬᠠᠢ ᠳ᠋ᠢᠶᠠᠨ ᠲᠣᠭᠤᠷᠢᠭ ᠤᠨ ᠬᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠨᠴᠠᠯᠢᠭᠲᠤ ᠬᠥᠳᠡᠭᠡ ᠲᠣᠰᠬᠤᠨ ᠤ ᠠᠵᠤ ᠦᠢᠯᠡᠰ ᠤᠨ ᠲᠥᠷᠥᠯ ᠵᠦᠢᠯ ᠢ ᠲᠥᠯᠥᠪᠵᠢᠭᠦᠯᠵᠦ᠂ ᠨᠢᠭᠡ ᠵᠦᠢᠯ ᠤᠨ ᠠᠵᠤ ᠦᠢᠯᠡᠰ ᠢ ᠬᠥᠭᠵᠢᠭᠦᠯᠬᠦ ᠪᠠᠷ ᠳᠠᠮᠵᠢᠭᠤᠯᠤᠨ᠂ ᠨᠢᠭᠡ ᠲᠠᠯ᠎ᠠ ᠶᠢᠨ ᠠᠵᠤ ᠠᠬᠤᠢ ᠶᠢ ᠳᠠᠶᠢᠴᠢᠯᠠᠪᠠ᠃ 2021 ᠣᠨ ᠠᠴᠠ ᠨᠠᠰᠢ᠂ 3.4 ᠳ᠋ᠦᠩᠰᠢᠭᠤᠷ ᠲᠥᠭᠦᠷᠢᠭ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ ᠶᠢ ᠨᠠᠶᠢᠳᠠᠪᠤᠷᠢᠵᠢᠭᠤᠯᠵᠤ᠂ 130 ᠭᠠᠷᠤᠢ ᠲᠥᠷᠥᠯ ᠵᠦᠢᠯ ᠢ ᠠᠬᠢᠴᠠ ᠪᠠᠷ ᠡᠮᠬᠢ ᠵᠢᠷᠤᠮ ᠲᠠᠢ ᠲᠦᠯᠬᠢᠨ ᠠᠬᠢᠭᠤᠯᠵᠤ᠂ ᠡᠭᠦᠨ ᠳᠤ ᠬᠤᠲᠠ᠂ ᠲᠣᠭᠤᠷᠢᠭ ᠬᠤᠶᠠᠷ ᠱᠠᠲᠤᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ 1.33 ᠳ᠋ᠦᠩᠰᠢᠭᠤᠷ ᠲᠥᠭᠦᠷᠢᠭ ᠲᠤ ᠬᠦᠷᠴᠦ᠂ ᠪᠡᠭᠡᠵᠢᠩ ᠥᠪᠥᠷ ᠮᠣᠩᠭᠤᠯ ᠤᠨ ᠪᠣᠷᠳᠣᠵᠤ ᠲᠠᠷᠭᠤᠯᠠᠭᠤᠯᠬᠤ ᠦᠬᠡᠷ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠴᠢᠯᠡᠭᠡᠨ ᠤ ᠲᠥᠪ᠂ ᠬᠢᠶᠠᠭ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠶᠢ ᠪᠦᠲᠦᠭᠡᠨ ᠪᠠᠶᠢᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃    ︽ᠳᠠᠷᠠᠭᠠᠴᠢ ᠶᠢᠨ ᠠᠯᠬᠤᠮ ᠳᠤ᠂ ᠪᠢᠳᠡ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠯᠠᠰᠢᠨ ᠦᠬᠡᠷ ᠤᠨ ᠰᠠᠶᠢᠨ ᠡᠭᠦᠯᠳᠡᠷ ᠢ ᠦᠷᠡᠵᠢᠭᠦᠯᠦᠨ ᠲᠡᠵᠢᠭᠡᠨ ᠦᠷᠡᠵᠢᠭᠦᠯᠬᠦ ᠰᠢᠰᠲ᠋ᠧᠮ ᠢ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠡᠳ᠋ᠰᠢᠭᠦᠯᠦᠨ ᠬᠤᠪᠢᠷᠠᠭᠤᠯᠬᠤ ᠰᠢᠰᠲ᠋ᠧᠮ ᠢ ᠪᠠᠶᠢᠭᠤᠯᠤᠨ᠂ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠶᠢ ᠵᠣᠬᠢᠴᠠᠭᠤᠯᠵᠤ ᠪᠠᠶᠢᠭᠠᠳ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠳᠤ ᠣᠶᠤᠨ ᠤᠬᠠᠭᠠᠨ ᠬᠦᠴᠦᠨ ᠴᠢᠳᠠᠯ ᠢᠶᠠᠨ ᠡᠷᠭᠦᠨ᠎ᠡ︾ ᠬᠡᠵᠤ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠡᠳ᠋ ᠳᠠᠷᠤᠭ᠎ᠠ ᠰᠢᠶᠠ ᠢᠦᠢ ᠬᠡᠯᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号