ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠢ ᠪᠣᠯᠭᠠᠵᠤ ︿ᠲᠠᠪᠤᠨ ᠨᠢᠭᠡ﹀ ᠶᠢᠨ ᠣᠯᠠᠨ ᠲᠦᠮᠡᠨ ᠤ ᠠᠵᠢᠯ ᠤᠨ ᠠᠷᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ︾ ᠲᠤᠰᠬᠠᠢ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2024/8/26
    ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠪᠣᠳᠠᠲᠠᠢ ᠲᠥᠷᠥᠭᠳᠡᠯ ᠲᠠᠢ ᠪᠦᠲᠦᠮᠵᠢᠲᠡᠢ ᠪᠠᠲᠤ ᠪᠠᠬᠢ ᠪᠣᠯᠭᠠᠵᠤ᠂ ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠠᠷᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠃ 8 ᠰᠠᠷ᠎ᠠ ᠶᠢᠨ 23 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠡᠯ᠎ᠡ ᠨᠠᠮ ᠤᠨ ᠡᠭᠦᠷ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ︾ ︿ᠲᠠᠪᠤᠨ ᠨᠢᠭᠡ﹀ ᠶᠢᠨ ᠣᠯᠠᠨ ᠲᠦᠮᠡᠨ ᠤ ᠠᠵᠢᠯ ᠤᠨ ᠠᠷᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ︾ ᠲᠤᠰᠬᠠᠢ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃    ᠬᠤᠷᠠᠯ ᠳᠡᠭᠡᠷ᠎ᠡ᠂ ᠡᠯ᠎ᠡ ᠨᠠᠮ ᠤᠨ ᠡᠭᠦᠷ ᠤᠨ ᠱᠦᠵᠢ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠵᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠶᠢ ᠳᠠᠭᠠᠭᠤᠯᠤᠨ ᠰᠤᠷᠤᠯᠴᠠᠪᠠ︔ ︽ᠬᠢᠩᠭᠠᠨ ᠠᠶᠢᠮᠠᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠭᠤᠣᠯ ᠱᠤᠭᠤᠮ ᠤᠨ ᠱᠠᠭᠠᠷᠳᠠᠯᠭ᠎ᠠ ︽1 2︾ ᠶᠡᠷᠦᠩᠬᠡᠶᠢᠯᠡᠭᠰᠡᠨ ᠳᠦᠷᠢᠮ ᠤᠨ ᠰᠢᠰᠲ᠋ᠧᠮ ︵ᠲᠤᠷᠰᠢᠨ ᠬᠡᠷᠡᠭᠵᠢᠭᠦᠯᠬᠦ︶︾ ᠳᠠᠬᠢ ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠠᠷᠭ᠎ᠠ ᠶᠢ ᠰᠤᠷᠤᠯᠴᠠᠪᠠ᠃ ᠡᠭᠦᠨ ᠤ ᠬᠠᠮᠲᠤ᠂ ︽ᠬᠢᠩᠭᠠᠨ ᠠᠶᠢᠮᠠᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ︿ᠲᠠᠪᠤᠨ ᠨᠢᠭᠡ ﹀ ᠤ ᠣᠯᠠᠨ ᠲᠦᠮᠡᠨ ᠤ ᠠᠵᠢᠯ ᠤᠨ ᠠᠷᠭ᠎ᠠ︾ ᠶᠢ ᠪᠠᠲᠤ ᠪᠠᠬᠢ ᠪᠣᠢ ᠪᠣᠯᠭᠠᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠶᠢᠨ ᠬᠠᠮᠲᠤ ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠠᠷᠭ᠎ᠠ ᠶᠢᠨ ᠲᠣᠭᠤᠷᠢᠨ ᠳᠤ᠂ ᠲᠤᠰ ᠰᠠᠯᠠᠭ᠎ᠠ ᠮᠥᠴᠢᠷ ᠤᠨ ᠢᠶᠠᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠣᠯᠤᠨ ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠵᠤ᠂ ᠠᠵᠢᠯ ᠤᠨ ᠠᠷᠭ᠎ᠠ ᠬᠡᠮᠵᠢᠶ᠎ᠡ ᠪᠣᠯᠤᠨ ᠰᠡᠳᠬᠢᠴᠡ ᠪᠠᠨ ᠬᠠᠮᠲᠤᠪᠠᠷ ᠰᠦᠪᠡᠭᠴᠢᠯᠡᠵᠦ᠂ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ ᠶᠢ ᠦᠨᠡᠨᠬᠦ ᠪᠡᠶᠡᠯᠡᠭᠦᠯᠪᠡ᠃    ᠳᠠᠷᠠᠭᠠᠴᠢ ᠶᠢᠨ ᠠᠯᠬᠤᠮ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶  ᠪᠦᠲᠦᠮᠵᠢᠲᠡᠢ ᠠᠴᠢᠶᠠᠯᠠᠪᠤᠷᠢ ᠪᠠᠷ ︽ᠨᠢᠭᠡ ᠰᠠᠷ᠎ᠠ ᠳᠤ ᠨᠢᠭᠡ ᠰᠤᠷᠤᠯᠴᠠᠵᠤ ᠨᠢᠭᠡ ᠵᠥᠪᠯᠡᠵᠦ ᠨᠢᠭᠡ ᠠᠮᠠᠯᠠᠯᠲᠠ ᠪᠠᠨ ᠪᠡᠶᠡᠯᠡᠭᠦᠯᠬᠦ︾ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠵᠤ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ᠶᠢ ᠡᠭᠦᠳᠦᠨ ᠪᠠᠶᠢᠭᠤᠯᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号