ᠰᠤᠷᠭᠠᠨ ᠬᠥᠮᠦᠵᠢᠯ ᠤᠨ ᠴᠢᠳᠠᠪᠤᠷᠢᠲᠠᠨ ᠤ ︽ᠪᠦᠯᠬᠦᠮ ᠪᠠᠶᠢᠭᠤᠯᠬᠤ ᠮᠠᠶ᠋ᠢᠭ︾ ᠢᠶᠠᠷ ᠬᠠᠪᠰᠤᠷᠤᠨ ᠲᠡᠳᠬᠦᠵᠦ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠴᠡᠴᠡᠭᠯᠡᠭᠦᠯᠪᠡ
ᠨᠡᠶᠢᠲᠡᠯᠡᠭᠰᠡᠨ ᠴᠠᠭ᠄
2024/8/26
   ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠ ᠰᠤᠷᠭᠠᠨ ᠬᠥᠮᠦᠵᠢᠯ ᠤᠨ ᠴᠢᠳᠠᠪᠤᠷᠢᠲᠠᠨ ᠤ ︽ᠪᠦᠯᠬᠦᠮ ᠪᠠᠶᠢᠭᠤᠯᠬᠤ ᠬᠡᠯᠪᠡᠷᠢ︾ ᠶᠢᠨ ᠬᠠᠪᠰᠤᠷᠤᠨ ᠲᠡᠳᠬᠦᠬᠦ ᠤᠷᠢᠶᠠᠯᠠᠭ᠎ᠠ ᠶᠢ ᠳᠠᠭᠠᠬᠤ ᠶᠢᠨ ᠲᠥᠯᠥᠭᠡ᠂ ᠪᠡᠭᠡᠵᠢᠩ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ — ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ ᠪᠦᠬᠦ ᠬᠦᠴᠦᠨ ᠢᠶᠠᠷ ᠢᠶᠠᠨ ᠬᠠᠪᠰᠤᠷᠤᠨ ᠲᠡᠳᠬᠦᠨ᠎ᠡ᠃ 2022 ᠣᠨ ᠤ 7 ᠰᠠᠷ᠎ᠠ ᠳᠤ᠂ ᠪᠡᠭᠡᠵᠢᠩ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠯᠢ ᠲᠢᠶᠧ ᠵᠢᠶᠦ᠋ᠨ ᠰᠤᠷᠭᠠᠨ ᠬᠥᠮᠦᠵᠢᠯ ᠢ ᠳᠡᠮᠵᠢᠬᠦ ᠪᠠᠭᠰᠢ ᠶᠢ ᠳᠠᠭᠠᠭᠤᠯᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠬᠦᠷᠴᠦ᠂ ᠲᠤᠰᠢᠶᠠᠯ ᠡᠭᠦᠷᠭᠡᠯᠡᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠪᠡ᠃ ᠬᠤᠶᠠᠷ ᠵᠢᠯ ᠤᠨ ᠲᠤᠷᠰᠢ᠂ ᠪᠠᠶᠠᠨᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠬᠤᠪᠢᠷᠠᠯᠲᠠ ᠭᠠᠷᠴᠤ ᠪᠠᠶᠢᠨ᠎ᠠ᠂ ᠡᠨᠡ ᠨᠢ ᠵᠥᠪᠬᠡᠨ ᠰᠤᠷᠭᠠᠭᠤᠯᠢ ᠶᠢᠨ ᠬᠦᠷᠢᠶᠡᠨ ᠤ ᠡᠯ᠎ᠡ ᠵᠦᠢᠯ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠪᠠ ᠰᠢᠨᠡᠳᠬᠡᠬᠦ ᠳᠡᠭᠡᠷ᠎ᠡ ᠢᠯᠡᠷᠡᠵᠦ ᠪᠠᠶᠢᠬᠤ ᠪᠠᠷ ᠪᠠᠷᠠᠬᠤ ᠦᠭᠡᠢ᠂ ᠨᠡᠩ ᠴᠤ ᠰᠤᠷᠭᠠᠭᠤᠯᠢ ᠡᠷᠬᠢᠯᠡᠬᠦ ᠣᠶᠢᠯᠠᠭᠠᠭᠳᠠᠬᠤᠨ᠂ ᠬᠠᠮᠢᠶᠠᠷᠤᠯᠲᠠ ᠶᠢᠨ ᠲᠤᠷᠰᠢᠯᠭ᠎ᠠ᠂ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ᠂ ᠰᠤᠷᠤᠯᠴᠠᠬᠤ ᠬᠡᠪ ᠰᠤᠷᠲᠠᠯ ᠤᠨ ᠰᠢᠨ᠎ᠡ ᠠᠭᠤᠷ ᠠᠮᠢᠰᠬᠤᠯ ᠳᠤ ᠢᠯᠡᠷᠡᠵᠦ ᠪᠠᠶᠢᠨ᠎ᠠ᠃    ︽ᠴᠢᠰᠤ ᠪᠦᠲᠦᠭᠡᠬᠦ ᠮᠠᠶ᠋ᠢᠭ︾ ᠢᠶᠠᠷ ᠬᠠᠪᠰᠤᠷᠤᠨ ᠲᠡᠳᠬᠦᠵᠦ᠂ ︽ᠠᠪᠴᠤ ᠶᠠᠪᠤᠬᠤ ᠦᠭᠡᠢ︾ ᠪᠠᠭᠰᠢ ᠶᠢᠨ ᠡᠩᠨᠡᠭᠡ ᠶᠢ ᠦᠯᠡᠳᠡᠭᠡᠪᠡ    ︽ᠨᠥᠬᠦᠳ ᠡ᠂ ᠲᠠ ᠨᠠᠷ ᠡᠮᠦᠨᠡᠲᠦ ᠲᠦᠢᠯ ᠤᠨ ᠣᠷᠣᠨ ᠤ ᠬᠡᠪᠴᠢᠶ᠎ᠡ ᠶᠢ ᠮᠡᠳᠡᠬᠦ ᠦᠦ︖︾ ᠣᠶᠢᠷ᠎ᠠ ᠳᠤ᠂ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ ᠵᠢᠭᠠᠨ ᠰᠤᠷᠭᠠᠯᠲᠠ ᠶᠢᠨ ᠵᠢᠱᠢᠶ᠎ᠡ ᠦᠵᠡᠭᠦᠯᠬᠦ ᠬᠢᠴᠢᠶᠡᠯ ᠪᠠᠶᠠᠨᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠡᠬᠢᠯᠡᠪᠡ᠃ ᠬᠢᠴᠢᠶᠡᠯ ᠳᠡᠭᠡᠷ᠎ᠡ᠂ ᠪᠡᠭᠡᠵᠢᠩ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠴᠢᠯᠠᠭᠤᠨ ᠲᠣᠰᠣᠨ ᠤ ᠬᠤᠪᠢᠶᠠᠷᠢ ᠰᠤᠷᠭᠠᠭᠤᠯᠢ ᠠᠴᠠ ᠢᠷᠡᠭᠰᠡᠨ ᠪᠠᠭᠰᠢ ᠵᠠᠢ ᠴᠦᠨ ᠨᠢᠩ ᠶᠠᠭ ᠠᠯᠬᠤᠮ ᠳᠠᠷᠠᠭ᠎ᠠ ᠲᠠᠢ ᠪᠠᠷ ᠰᠤᠷᠤᠭᠴᠢᠳ ᠢ ᠵᠢᠯᠣᠭᠤᠳᠤᠨ ᠳᠡᠯᠡᠬᠡᠢ ᠶᠢᠨ ᠭᠠᠵᠠᠷ ᠤᠨ ᠵᠢᠷᠤᠭ ᠢ ᠲᠠᠨᠢᠭᠤᠯᠵᠤ ᠪᠠᠶᠢᠯ᠎ᠠ᠃ ᠲᠡᠷᠡ ᠠᠮᠠᠷᠬᠠᠨ ᠣᠶᠢᠯᠠᠭᠠᠮᠵᠢᠲᠠᠢ ᠠᠰᠠᠭᠤᠯᠲᠠ ᠪᠠᠷ᠂ ᠰᠤᠷᠤᠭᠴᠢᠳ ᠤᠨ ᠪᠣᠳᠣᠯᠬᠢᠯᠠᠯ ᠢ ᠤᠷᠠᠨ ᠢᠶᠠᠷ ᠠᠪᠴᠢᠷᠠᠵᠤ᠂ ᠰᠤᠷᠤᠭᠴᠢᠳ ᠤᠨ ᠰᠤᠷᠤᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠪᠡ᠃ ᠵᠠᠢ ᠴᠦᠨ ᠨᠢᠩ ᠪᠠᠭᠰᠢ ᠶᠢᠨ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠤᠮᠵᠢ ᠶᠢ ᠰᠤᠷᠤᠭᠴᠢᠳ ᠲᠤ ᠣᠶᠢᠯᠠᠭᠠᠭᠤᠯᠬᠤ ᠪᠠᠷ ᠪᠠᠷᠠᠬᠤ ᠦᠭᠡᠢ᠂ ᠪᠠᠰᠠ ᠲᠣᠭᠤᠷᠢᠨ ᠦᠵᠡᠵᠦ ᠰᠤᠷᠤᠯᠴᠠᠭᠤᠯᠤᠭᠰᠠᠨ ᠲᠤᠬᠠᠢ ᠶᠢᠨ ᠭᠠᠵᠠᠷ ᠤᠨ 20 ᠭᠠᠷᠤᠢ ᠪᠠᠭᠰᠢ ᠠᠰᠢᠭ ᠬᠦᠷᠲᠡᠭᠡᠪᠡ᠃ ᠤᠷᠲᠤ ᠬᠤᠭᠤᠴᠠᠭᠠᠨ ᠤ ᠲᠤᠷᠰᠢ᠂ ᠪᠠᠭᠰᠢ ᠶᠢᠨ ᠬᠦᠴᠦᠨ ᠤ ᠲᠡᠩᠴᠡᠭᠦᠷᠢ ᠦᠭᠡᠢ ᠪᠠᠶᠢᠳᠠᠯ ᠪᠣᠯ ᠢᠮᠠᠭᠲᠠ ᠰᠤᠷᠭᠠᠨ ᠬᠥᠮᠦᠵᠢᠯ ᠤᠨ ᠡᠷᠬᠡ ᠲᠡᠭᠰᠢ ᠵᠢᠴᠢ ᠶᠠᠰᠤ ᠴᠢᠨᠠᠷ ᠤᠨ ᠳᠡᠭᠡᠭᠰᠢᠯᠡᠯᠲᠡ ᠶᠢ ᠬᠢᠵᠠᠭᠠᠷᠯᠠᠬᠤ ᠵᠠᠩᠭᠢᠯᠠᠭ᠎ᠠ ᠶᠢᠨ ᠬᠦᠴᠦᠨ ᠵᠦᠢᠯ ᠪᠣᠯᠤᠭᠰᠠᠭᠠᠷ ᠢᠷᠡᠵᠡᠢ᠃ ᠡᠨᠡ ᠬᠦ ᠬᠦᠴᠢᠷᠳᠡᠯ ᠢ ᠱᠢᠢᠳᠪᠦᠷᠢᠯᠡᠬᠦ ᠶᠢᠨ ᠲᠥᠯᠥᠭᠡ᠂ ᠪᠡᠭᠡᠵᠢᠩ ᠤᠨ ᠨᠢᠭᠡ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ︽ᠴᠢᠰᠤ ᠪᠦᠲᠦᠭᠡᠬᠦ ᠮᠠᠶᠢᠭ︾ ᠤᠨ ᠬᠠᠪᠰᠤᠷᠤᠨ ᠲᠡᠳᠬᠦᠬᠦ ᠲᠥᠯᠥᠪᠯᠡᠭᠡ ᠶᠢ ᠶᠡᠬᠡᠪᠡᠷ ᠬᠡᠷᠡᠭᠵᠢᠭᠦᠯᠵᠦ᠂ ᠣᠯᠠᠨ ᠵᠦᠢᠯ ᠤᠨ ᠱᠢᠨ᠎ᠡ ᠶᠢ ᠡᠭᠦᠳᠬᠦ ᠠᠷᠭ᠎ᠠ ᠪᠠᠷᠢᠯ ᠢ ᠠᠱᠢᠭᠯᠠ᠂ ᠪᠠᠭᠱᠢ ᠶᠢᠨ ᠦᠰᠦᠨ ᠪᠤᠶᠢᠵᠢᠯᠲᠠ ᠳᠤ ᠥᠷᠭᠡᠨ ᠠᠭᠤᠳᠠᠮ ᠲᠠᠪᠴᠠᠩ ᠢ ᠪᠠᠶᠢᠭᠤᠯᠵᠤ ᠥᠭᠭᠦᠨ᠎ᠡ᠃    ︽ᠪᠢᠳᠡ ᠠᠳᠡ ᠰᠤᠷᠭᠠᠭᠤᠯᠢ ᠶᠢᠨ ᠢᠶᠠᠨ ︿ᠴᠢᠰᠤ ᠶᠡᠭᠦᠯᠡᠬᠦ﹀ ᠪᠠᠷ ᠪᠠᠷᠠᠬᠤ ᠦᠭᠡᠢ᠂ ᠨᠡᠩ ᠴᠤ ︿ᠴᠢᠰᠤ ᠪᠦᠲᠦᠭᠡᠬᠦ﹀ ᠬᠡᠷᠡᠭᠲᠡᠢ᠂ ᠰᠤᠷᠤᠭᠴᠢ ᠶᠢ ᠵᠥᠪᠬᠡᠨ ᠬᠥᠮᠦᠵᠢᠭᠦᠯᠬᠦ ᠦᠭᠡᠢ ᠮᠥᠷᠲᠡᠭᠡᠨ ᠪᠠᠰᠠ ᠪᠠᠭᠰᠢ ᠶᠢ ᠬᠥᠮᠦᠵᠢᠭᠦᠯᠦᠨ᠎ᠡ︾᠃ ᠯᠢ ᠲᠢᠶᠧ ᠵᠢᠶᠦ᠋ᠨ ᠬᠡᠯᠡᠭᠰᠡᠨ᠃ ᠰᠠᠶᠢᠨ ᠵᠣᠷ ᠣᠯᠤᠶ᠎ᠠ ᠭᠡᠪᠡᠯ ᠡᠪᠡᠳᠴᠢᠨ ᠤ ᠢᠯᠡᠷᠡᠯ ᠢᠶᠠᠨ ᠣᠨᠣᠪᠴᠢᠲᠠᠢ ᠡᠷᠢᠵᠦ ᠣᠯᠬᠤ ᠬᠡᠷᠡᠭᠲᠡᠢ᠃ ᠪᠠᠭᠰᠢ ᠶᠢᠨ ᠡᠩᠨᠡᠭᠡ ᠶᠢ ᠪᠠᠶᠢᠭᠤᠯᠬᠤ ᠶᠢᠨ ᠲᠥᠯᠥᠭᠡ᠂ ᠪᠡᠭᠡᠵᠢᠩ ᠤᠨ ᠨᠢᠭᠡ ᠰᠠᠯᠪᠤᠷᠢ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ︽ᠦᠨᠡᠨᠴᠢ ᠰᠢᠳᠤᠷᠭᠤ᠂ ᠬᠤᠪᠢ ᠨᠡᠮᠡᠷᠢ ᠦᠵᠡᠭᠦᠯᠬᠦ᠂ ᠬᠠᠷᠢᠭᠤᠴᠠᠯᠭ᠎ᠠ ᠡᠭᠦᠷᠭᠡᠯᠡᠬᠦ︾ ᠪᠠᠷ ᠵᠣᠷᠢᠯᠲᠠ ᠪᠣᠯᠭᠠᠭᠰᠠᠨ ︽ᠭᠡᠷᠡᠯ ᠭᠢᠯᠪᠠᠭ᠎ᠠ ᠪᠠᠨ ᠬᠥᠭᠡᠭᠡᠭᠴᠢ︾ ᠶᠢᠨ ᠰᠤᠷᠭᠠᠨ ᠬᠥᠮᠦᠵᠢᠯ ᠢ ᠳᠡᠮᠵᠢᠵᠦ ᠬᠠᠪᠰᠤᠷᠤᠨ ᠲᠡᠳᠬᠦᠬᠦ ᠪᠦᠯᠬᠦᠮ ᠢ ᠡᠭᠦᠳᠦᠨ ᠪᠠᠶᠢᠭᠤᠯᠪᠠ᠃ ᠰᠤᠷᠭᠠᠨ ᠬᠥᠮᠦᠵᠢᠯ ᠢ ᠳᠡᠮᠵᠢᠬᠦ ᠪᠦᠯᠬᠦᠮ ᠳᠤ ᠨᠡᠶᠢᠲᠡ 19 ᠪᠠᠭᠰᠢ ᠶᠢᠨ ︽ᠤᠯᠠᠮᠵᠢᠯᠠᠬᠤ ᠬᠠᠪᠰᠤᠷᠬᠤ ᠳᠠᠭᠠᠭᠤᠯᠬᠤ ︾ ᠦᠢᠯᠡᠳᠦᠯ ᠢ ᠪᠠᠳᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠵᠢᠱᠢᠶ᠎ᠡ ᠦᠵᠡᠭᠦᠯᠬᠦ ᠬᠢᠴᠢᠶᠡᠯ᠂ ᠬᠤᠪᠢᠶᠠᠯᠴᠠᠨ ᠡᠳ᠋ᠯᠡᠬᠦ ᠬᠤᠷᠠᠯ᠂ ᠤᠯᠠᠮᠵᠢᠯᠠᠬᠤ ᠬᠠᠪᠰᠤᠷᠬᠤ ᠳᠠᠭᠠᠭᠤᠯᠤᠨ ᠵᠢᠭᠠᠬᠤ ᠰᠤᠳᠤᠯᠭᠠᠨ ᠤ ᠠᠵᠢᠯᠯᠠᠭ᠎ᠠ ᠶᠢ ᠥᠷᠨᠢᠭᠦᠯᠪᠡ᠃ ᠡᠭᠦᠨ ᠤ ᠬᠠᠮᠲᠤ᠂ ᠰᠤᠷᠭᠠᠨ ᠬᠥᠮᠦᠵᠢᠯ ᠢ ᠳᠡᠮᠵᠢᠬᠦ ᠪᠠᠭᠰᠢ ᠨᠠᠷ ᠰᠢᠨᠵᠢᠯᠡᠭᠡᠨ ᠤ ᠰᠠᠯᠠᠭᠠᠨ ᠤ ᠵᠢᠭᠠᠨ ᠰᠤᠳᠤᠯᠬᠤ ᠳᠤᠭᠤᠶᠢᠯᠠᠩ ᠢᠶᠠᠷ ᠦᠨᠳᠦᠰᠦᠨ ᠨᠢᠭᠡᠴᠢ ᠪᠣᠯᠭᠠᠨ ᠪᠠᠶᠠᠨᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠲᠠᠢ ᠵᠢᠭᠠᠨ ᠰᠤᠷᠭᠠᠬᠤ ᠪᠦᠯᠬᠦᠮ ᠪᠠᠶᠢᠭᠤᠯᠵᠤ᠂ ᠪᠠᠭᠰᠢ ᠳᠠᠭᠠᠭᠤᠯᠤᠨ ᠵᠢᠭᠠᠬᠤ᠂ ᠬᠠᠮᠲᠤ ᠪᠠᠷ ᠬᠢᠴᠢᠶᠡᠯ ᠪᠡᠯᠡᠳᠬᠡᠬᠦ᠂ ᠰᠣᠩᠭᠤᠨ ᠪᠠᠶᠢᠴᠠᠭᠠᠬᠤ ᠬᠢᠴᠢᠶᠡᠯ ᠢ ᠰᠣᠨᠣᠰᠬᠤ᠂ ᠬᠠᠷᠢᠯᠴᠠᠨ ᠬᠢᠴᠢᠶᠡᠯ ᠦᠨᠡᠯᠡᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠶᠢ ᠠᠪᠴᠤ᠂ ᠲᠤᠰ ᠭᠠᠵᠠᠷ ᠤᠨ ᠵᠠᠯᠠᠭᠤ ᠪᠠᠭᠰᠢ᠂ ᠭᠤᠣᠯᠯᠠᠭᠴᠢ ᠪᠠᠭᠰᠢ ᠶᠢᠨ ᠦᠰᠦᠨ ᠪᠤᠶᠢᠵᠢᠯᠲᠠ ᠶᠢ ᠲᠦᠷᠭᠡᠳᠬᠡᠨ ᠠᠬᠢᠭᠤᠯᠤᠨ᠎ᠠ᠃ ᠬᠤᠶᠠᠷ ᠵᠢᠯ ᠤᠨ ᠪᠠᠶᠢᠭᠤᠯᠤᠯᠲᠠ ᠪᠠᠷ ᠳᠠᠮᠵᠢᠨ᠂ ᠪᠠᠶᠠᠨᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢ ᠰᠢᠨ᠎ᠡ ᠳᠡᠭᠲᠡᠷ ᠲᠤ ᠭᠠᠷᠴᠤ᠂ ᠰᠤᠷᠭᠠᠭᠤᠯᠢ ᠶᠢᠨ ᠵᠢᠭᠠᠨ ᠰᠤᠳᠤᠯᠬᠤ ᠠᠭᠤᠷ ᠠᠮᠢᠰᠬᠤᠯ ᠤᠯᠠᠮ ᠠᠴᠠ ᠤᠯᠠᠮ ᠥᠳᠬᠡᠷᠡᠵᠦ ᠪᠠᠶᠢᠨ᠎ᠠ᠃ ᠰᠤᠷᠭᠠᠭᠤᠯᠢ ᠨᠢ ᠥᠪᠡᠷᠲᠡᠭᠡᠨ ᠵᠠᠰᠠᠬᠤ ᠣᠷᠣᠨ ᠤ ᠭᠤᠸ᠎ᠠ ᠰᠠᠶᠢᠬᠠᠨ ᠤ ᠬᠥᠮᠦᠵᠢᠯ ᠤᠨ ᠣᠨᠴᠠᠯᠢᠭᠲᠤ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ ᠤ ᠳᠠᠭᠤᠤ ᠬᠥᠭᠵᠢᠮ ᠤᠨ ᠰᠢᠨᠵᠢᠯᠡᠭᠡᠨ ᠤ ᠰᠠᠭᠤᠷᠢᠨ ᠭᠠᠵᠠᠷ ᠵᠡᠷᠭᠡ ᠣᠯᠠᠨ ᠵᠦᠢᠯ ᠤᠨ ᠢᠷᠠᠭᠤ ᠠᠯᠳᠠᠷ ᠤᠨ ᠴᠣᠯᠠ ᠶᠢ ᠵᠠᠯᠭᠠᠭ᠎ᠠ ᠪᠠᠷ ᠭᠥᠷᠳᠡᠪᠡ᠃  ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠵᠤ᠂ ᠬᠥᠮᠦᠨ ᠬᠥᠮᠦᠵᠢᠭᠦᠯᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ    ᠪᠠᠶᠠᠨᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠨᠢᠭᠡ ᠬᠡᠰᠡᠭ ᠲᠤᠷᠰᠢᠯᠲᠠ ᠶᠢᠨ ᠠᠩᠭᠢ ᠶᠢᠨ ᠬᠡᠯᠡ ᠪᠢᠴᠢᠭ ᠤᠨ ᠬᠢᠴᠢᠶᠡᠯ ᠳᠤ ᠣᠷᠣᠬᠤ ᠳᠤ᠂ ᠯᠢ ᠨᠠ ᠪᠠᠭᠰᠢ ᠶᠠᠭ ᠵᠢᠪᠦᠯᠳᠦ ᠪᠠᠶᠢᠳᠠᠯ ᠢ ᠳᠠᠬᠢᠨ ᠢᠯᠡᠷᠡᠭᠦᠯᠬᠦ ᠬᠡᠯᠪᠡᠷᠢ ᠪᠠᠷ ᠳᠠᠮᠵᠢᠭᠤᠯᠤᠨ᠂ ᠰᠤᠷᠤᠭᠴᠢᠳ ᠲᠤ ︽ᠣᠢ ᠰᠢᠭᠤᠢ ᠶᠢᠨ ᠵᠢᠭᠠᠨ ᠰᠤᠷᠭᠠᠯᠲᠠ ᠨᠢ ᠴᠠᠰᠤᠲᠤ ᠠᠭᠤᠯᠠᠨ ᠤ ᠰᠠᠬᠢᠭᠤᠯᠰᠤᠨ ᠤ ᠰᠦᠮ᠎ᠡ︾ ᠶᠢ ᠲᠠᠶᠢᠯᠪᠤᠷᠢᠯᠠᠨ ᠥᠭᠴᠦ ᠪᠠᠶᠢᠨ᠎ᠠ᠃ ᠰᠤᠷᠤᠭᠴᠢᠳ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠢᠳᠡᠪᠬᠢᠲᠡᠢ ᠶᠠᠷᠢᠶ᠎ᠠ ᠲᠠᠯᠪᠢᠵᠤ᠂ ᠬᠥᠮᠦᠨ ᠤ ᠵᠠᠩ ᠴᠢᠨᠠᠷ ᠢ ᠵᠠᠳᠠᠯᠵᠤ᠂ ᠬᠥᠮᠦᠨ ᠴᠢᠨᠠᠷ ᠤᠨ ᠷᠢᠳᠢ ᠰᠢᠳᠢ ᠶᠢ ᠮᠡᠳᠡᠷᠡᠵᠦ᠂ ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠬᠥᠭᠵᠢᠶᠡᠨᠲᠡᠢ ᠪᠠᠶᠢᠵᠤ᠂ ᠰᠤᠷᠤᠯᠴᠠᠬᠤ ᠠᠭᠤᠷ ᠠᠮᠢᠰᠬᠤᠯ ᠠᠭᠤᠵᠢᠭᠤ ᠲᠠᠯᠪᠢᠭᠤ ᠪᠥᠭᠡᠳ ᠡᠶ᠎ᠡ ᠨᠠᠶᠢᠷᠲᠠᠢ ᠪᠠᠶᠢᠨ᠎ᠠ᠃ ᠪᠠᠶᠠᠨᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠪᠠᠶᠢᠭᠤᠯᠤᠭᠰᠠᠨ ᠨᠢᠭᠡ ᠬᠡᠰᠡᠭ ᠨᠢᠭᠡ ᠲᠤᠷᠰᠢᠯᠲᠠ ᠶᠢᠨ ᠠᠩᠭᠢ ᠨᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠮᠢᠳᠤᠯᠢᠭ ᠬᠡᠪ ᠳᠠᠭᠤᠷᠢᠶᠠᠯ ᠪᠣᠯᠤᠭᠰᠠᠨ ᠤ ᠬᠤᠪᠢ ᠳᠤ᠂ ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠨᠢᠭᠲᠠ ᠠᠭᠤᠰᠤᠯᠴᠠᠯ ᠢ ᠭᠦᠨᠵᠡᠭᠡᠢ ᠢᠯᠡᠷᠡᠭᠦᠯᠵᠡᠢ᠃ ᠨᠢᠭᠡ ᠲᠤᠷᠰᠢᠯᠲᠠ ᠶᠢᠨ ᠠᠩᠭᠢ ᠶᠠᠭ ᠬᠢᠴᠢᠶᠡᠯ ᠣᠷᠣᠵᠤ ᠪᠠᠶᠢᠨ᠎ᠠ᠂ ᠨᠢᠭᠡ ᠴᠦ ᠨᠢᠭᠡ ᠲᠤᠷᠰᠢᠯᠲᠠ ᠶᠢᠨ ᠠᠩᠭᠢ ᠶᠢ ᠬᠠᠮᠲᠤ ᠪᠠᠷ ᠪᠠᠶᠢᠭᠤᠯᠬᠤ ᠠᠴᠠ ᠭᠠᠳᠠᠨ᠎ᠠ᠂ ᠪᠡᠭᠡᠵᠢᠩ ᠤᠨ ᠨᠢᠭᠡ ᠴᠦ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠪᠠᠰᠠ ᠪᠠᠶᠠᠨᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠪᠡᠶ᠎ᠡ ᠶᠢᠨ ᠲᠠᠮᠢᠷ ᠤᠨ ᠣᠷᠳᠣᠨ᠂ ᠨᠣᠮ ᠤᠨ ᠰᠠᠩ ᠢ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠰᠤᠷᠤᠭᠴᠢᠳ ᠲᠤ ᠨᠡᠩ ᠪᠦᠷᠢᠨ ᠲᠡᠭᠦᠯᠳᠡᠷ ᠰᠤᠷᠭᠠᠨ ᠬᠥᠮᠦᠵᠢᠯ ᠤᠨ ᠲᠥᠬᠦᠭᠡᠷᠦᠮᠵᠢ ᠬᠠᠩᠭᠠᠪᠠ᠃ ᠨᠣᠮ ᠤᠨ ᠰᠠᠩ ᠰᠤᠷᠤᠭᠴᠢᠳ ᠲᠤ ᠬᠢᠴᠢᠶᠡᠯ ᠤᠨ ᠭᠠᠳᠠᠨᠠᠬᠢ ᠤᠩᠰᠢᠯᠭ᠎ᠠ ᠶᠢᠨ ᠰᠠᠶᠢᠨ ᠰᠠᠶᠢᠬᠠᠨ ᠨᠥᠬᠦᠴᠡᠯ ᠢ ᠬᠠᠩᠭᠠᠵᠤ᠂ ᠰᠤᠷᠤᠭᠴᠢᠳ ᠤᠨ ᠮᠡᠳᠡᠯᠭᠡ ᠣᠯᠬᠤ ᠠᠷᠭ᠎ᠠ ᠵᠠᠮ ᠢ ᠨᠡᠮᠡᠭᠳᠡᠭᠦᠯᠪᠡ᠃ ᠪᠡᠶ᠎ᠡ ᠶᠢᠨ ᠲᠠᠮᠢᠷ ᠤᠨ ᠣᠷᠳᠣᠨ ᠳᠤ ᠲᠡᠷᠢᠭᠦᠨ ᠤ ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ ᠪᠠ ᠲᠥᠬᠦᠭᠡᠷᠦᠮᠵᠢ ᠲᠣᠬᠢᠷᠠᠭᠤᠯᠵᠤ᠂ ᠰᠠᠭᠰᠤᠨ ᠪᠥᠮᠪᠥᠭᠡᠨ ᠲᠠᠯᠠᠪᠠᠢ᠂ ᠥᠳᠥ ᠪᠥᠮᠪᠥᠭᠡᠨ ᠲᠠᠯᠠᠪᠠᠢ᠂ ᠫᠢᠩᠫᠠᠩ ᠪᠥᠮᠪᠦᠭᠡ ᠶᠢᠨ ᠲᠠᠯᠠᠪᠠᠢ ᠵᠡᠷᠭᠡ ᠶᠢ ᠪᠠᠭᠲᠠᠭᠠᠵᠤ᠂ ᠰᠤᠷᠤᠭᠴᠢᠳ ᠲᠤ ᠪᠡᠶ᠎ᠡ ᠮᠠᠬᠠᠪᠣᠳ ᠢᠶᠠᠨ ᠪᠣᠯᠪᠠᠰᠤᠷᠠᠭᠤᠯᠬᠤ᠂ ᠪᠡᠶ᠎ᠡ ᠶᠢᠨ ᠲᠠᠮᠢᠷ ᠤᠨ ᠬᠥᠳᠡᠯᠭᠡᠭᠡᠨ ᠥᠷᠨᠢᠭᠦᠯᠬᠦ ᠲᠠᠯᠠᠪᠤᠷ ᠬᠠᠩᠭᠠᠭᠰᠠᠨ ᠢᠶᠠᠷ ᠪᠠᠷᠠᠬᠤ ᠦᠭᠡᠢ᠂ ᠪᠠᠰᠠ ᠰᠤᠷᠭᠠᠭᠤᠯᠢ ᠶᠢᠨ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠪᠠ ᠤᠳᠬ᠎ᠠ ᠤᠷᠠᠯᠢᠭ ᠤᠨ ᠠᠵᠢᠯᠯᠠᠭ᠎ᠠ ᠡᠷᠬᠢᠯᠡᠬᠦ ᠳᠤ ᠬᠦᠴᠦᠲᠡᠢ ᠳᠡᠮᠵᠢᠯᠭᠡ ᠬᠠᠩᠭᠠᠭᠰᠠᠨ ᠪᠠᠶᠢᠨ᠎ᠠ᠃ ᠪᠡᠭᠡᠵᠢᠩ ᠬᠤᠲᠠ ᠶᠢᠨ ᠬᠠᠢ ᠳ᠋ᠢᠶᠠᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠪᠠᠭᠰᠢ ᠫᠧᠢ ᠡᠤ ᠸᠧᠢ ᠰᠤᠷᠤᠭᠴᠢᠳ ᠲᠠᠢ ᠬᠠᠮᠲᠤ ᠠᠯᠠᠭᠠᠳᠠᠬᠤ ᠪᠥᠮᠪᠦᠭᠡ ᠨᠠᠭᠠᠳᠴᠤ᠂ ᠰᠤᠷᠤᠭᠴᠢᠳ ᠤᠨ ᠨᠣᠮ ᠤᠨ ᠰᠠᠩ ᠳᠤ ᠡᠯᠪᠡᠭ ᠪᠠᠶᠠᠯᠢᠭ ᠬᠢᠴᠢᠶᠡᠯ ᠦᠵᠡᠵᠦ᠂ ᠰᠤᠷᠭᠠᠨ ᠬᠥᠮᠦᠵᠢᠯ ᠤᠨ ᠡᠷᠬᠡ ᠲᠡᠭᠰᠢ ᠪᠠ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠴᠠᠭ ᠦᠶ᠎ᠡ ᠶᠢᠨ ᠠᠬᠤᠢ ᠪᠠᠶᠢᠳᠠᠯ ᠳᠣᠣᠷ᠎ᠠ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢᠨ ᠠᠯᠬᠤᠴᠠ ᠤᠯᠠᠮ ᠪᠠᠲᠤᠵᠢᠪᠠ᠃ ᠣᠶᠢᠷ᠎ᠠ ᠶᠢᠨ ᠵᠢᠯ ᠳᠤ᠂ ᠪᠡᠭᠡᠵᠢᠩ ᠤᠨ ᠨᠢᠭᠡ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠬᠠᠮᠢᠶᠠᠷᠤᠯᠲᠠ ᠶᠢᠨ ᠲᠣᠭᠲᠠᠴᠠ᠂ ᠡᠬᠢ ᠪᠠᠶᠠᠯᠢᠭ ᠤᠨ ᠲᠣᠬᠢᠷᠠᠭᠤᠯᠤᠯᠲᠠ᠂ ᠬᠢᠴᠢᠶᠡᠯ ᠤᠨ ᠵᠢᠭᠠᠨ ᠰᠤᠷᠭᠠᠯᠲᠠ᠂ ᠪᠠᠭᠰᠢ ᠶᠢᠨ ᠪᠣᠯᠪᠠᠰᠤᠷᠠᠭᠤᠯᠤᠯ᠂ ᠶᠠᠰᠤ ᠴᠢᠨᠠᠷ ᠤᠨ ᠦᠨᠡᠯᠡᠯᠲᠡ᠂ ᠰᠤᠷᠤᠭᠴᠢᠳ ᠢ ᠬᠥᠮᠦᠵᠢᠭᠦᠯᠬᠦ ᠵᠡᠷᠭᠡ ᠵᠢᠷᠭᠤᠭᠠᠨ ᠵᠦᠢᠯ ᠤᠨ ᠨᠢᠭᠡ ᠴᠣᠭᠴᠠᠵᠢᠭᠰᠠᠨ ᠲᠣᠭᠲᠠᠴᠠ ᠪᠠᠷ ᠳᠠᠮᠵᠢᠭᠤᠯᠤᠨ᠂ ᠪᠠᠶᠠᠨᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ ᠶᠢ ᠬᠠᠪᠰᠤᠷᠤᠨ ᠰᠤᠷᠭᠠᠭᠤᠯᠢ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠬᠦ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠪᠦᠯᠦᠭᠯᠡᠯ ᠤᠨ ᠬᠢᠴᠢᠶᠡᠯ ᠤᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ᠂ ᠪᠠᠭᠰᠢ ᠶᠢᠨ ᠡᠩᠨᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ᠂ ᠵᠢᠭᠠᠨ ᠰᠤᠷᠭᠠᠯᠲᠠ ᠶᠢ ᠥᠪᠡᠷᠮᠢᠴᠡ ᠴᠢᠨᠠᠷᠲᠠᠢ ᠪᠠᠷ ᠬᠥᠭᠵᠢᠭᠦᠯᠬᠦ ᠶᠢ ᠪᠡᠶᠡᠯᠡᠭᠦᠯᠵᠦ᠂ ᠰᠤᠷᠭᠠᠭᠤᠯᠢ ᠶᠢᠨ ᠪᠦᠬᠦᠯᠢ ᠴᠣᠭᠴᠠ ᠶᠢᠨ ᠰᠤᠷᠭᠠᠭᠤᠯᠢ ᠡᠷᠬᠢᠯᠡᠬᠦ ᠬᠢᠷᠢ ᠬᠡᠮᠵᠢᠶ᠎ᠡ ᠶᠢ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠴᠢᠷᠮᠠᠶᠢᠨ ᠪᠡᠶᠡᠯᠡᠭᠦᠯᠪᠡ᠃ ᠰᠤᠷᠭᠠᠨ ᠬᠥᠮᠦᠵᠢᠯ ᠤᠨ ᠴᠢᠳᠠᠪᠤᠷᠢᠲᠠᠨ ᠤ ︽ᠪᠦᠯᠬᠦᠮ ᠪᠠᠶᠢᠭᠤᠯᠬᠤ ᠬᠡᠯᠪᠡᠷᠢ︾ ᠪᠠᠷ ᠬᠠᠪᠰᠤᠷᠤᠨ ᠲᠡᠳᠬᠦᠬᠦ ᠦᠷ᠎ᠡ ᠶᠠᠭ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠦᠨᠳᠦᠰᠦᠯᠡᠭᠦᠯᠵᠦ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号