ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠬᠦᠷᠢᠶᠡᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠣᠭᠴᠠᠯᠠᠬᠤ ︿ᠲᠠᠪᠤᠨ ᠨᠢᠭᠡ﹀ ᠶᠢᠨ ᠣᠯᠠᠨ ᠲᠦᠮᠡᠨ ᠤ ᠠᠵᠢᠯ ᠤᠨ ᠠᠷᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ︾ ᠲᠤᠰᠬᠠᠢ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/26
   ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠣᠶᠢᠯᠠᠭᠠᠯᠲᠠ ᠪᠠ ᠮᠡᠳᠡᠷᠡᠮᠵᠢ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠥᠯᠥᠭᠡ᠂ 8 ᠰᠠᠷ᠎ᠠ ᠶᠢᠨ 23 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠡᠯ᠎ᠡ ᠬᠦᠷᠢᠶᠡᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠣᠭᠴᠠᠯᠠᠬᠤ ︿ᠲᠠᠪᠤᠨ ᠨᠢᠭᠡ﹀ ᠶᠢᠨ ᠣᠯᠠᠨ ᠲᠦᠮᠡᠨ ᠤ ᠠᠵᠢᠯ ᠤᠨ ᠠᠷᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ︾ ᠲᠤᠰᠬᠠᠢ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠪᠡ᠃    ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠲᠥᠪᠯᠡᠷᠡᠭᠦᠯᠦᠨ ᠰᠤᠷᠤᠯᠴᠠᠬᠤ᠂ ᠰᠤᠳᠤᠯᠤᠨ ᠶᠠᠷᠢᠯᠴᠠᠵᠤ ᠰᠣᠯᠢᠯᠴᠠᠬᠤ᠂ ᠠᠷᠠᠳᠴᠢᠯᠠᠯ ᠢᠶᠠᠷ ᠬᠡᠷᠡᠭ ᠵᠥᠪᠯᠡᠬᠦ᠂ ᠨᠠᠮ ᠤᠨ ᠭᠡᠰᠢᠭᠦᠨ ᠠᠮᠠᠯᠠᠯᠲᠠ ᠪᠠᠨ ᠦᠢᠯᠡᠳᠦᠯᠭᠡᠵᠢᠭᠦᠯᠬᠦ ᠵᠡᠷᠭᠡ ᠠᠷᠭ᠎ᠠ ᠬᠡᠯᠪᠡᠷᠢ ᠪᠠᠷ ᠶᠠᠪᠤᠭᠳᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠠᠷᠭ᠎ᠠ ᠶᠢ ᠨᠠᠷᠢᠨ ᠬᠢᠨᠠᠮᠠᠭᠠᠢ ᠣᠶᠢᠯᠠᠭᠠᠨ ᠨᠠᠶᠢᠳᠠᠪᠤᠷᠢᠵᠢᠭᠤᠯᠬᠤ ᠶᠢᠨ ᠬᠠᠮᠲᠤ ᠲᠡᠭᠦᠨ ᠤ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ︽ᠬᠠᠮᠲᠤᠪᠠᠷ ᠰᠠᠭᠤᠵᠤ ᠬᠠᠮᠲᠤᠪᠠᠷ ᠰᠤᠷᠤᠯᠴᠠᠬᠤ᠂ ᠬᠠᠮᠲᠤᠪᠠᠷ ᠠᠵᠢᠯᠯᠠᠵᠤ ᠬᠠᠮᠲᠤᠪᠠᠷ ᠵᠢᠷᠭᠠᠬᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ︾ ᠣᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠵᠥᠪᠳᠡᠯᠴᠡᠨ᠂ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ︾ ᠶᠢ ᠤᠬᠠᠭᠤᠯᠤᠨ ᠲᠠᠶᠢᠯᠪᠤᠷᠢᠯᠠᠬᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠭᠦᠢᠴᠡᠳᠬᠡᠬᠦ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢ ᠤᠬᠠᠭᠤᠯᠬᠤ ᠵᠡᠷᠭᠡ ᠠᠮᠠᠯᠠᠯᠲᠠ ᠪᠠᠨ ᠦᠢᠯᠡᠳᠦᠯᠭᠡᠵᠢᠭᠦᠯᠬᠦ ᠠᠵᠢᠯᠯᠠᠭ᠎ᠠ ᠶᠢ ᠥᠷᠨᠢᠭᠦᠯᠪᠡ᠃    ᠨᠠᠮ ᠤᠨ ᠭᠡᠰᠢᠭᠦᠨ ᠺᠠᠳ᠋ᠷᠴᠤᠳ᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠᠷ ᠳᠠᠮᠵᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠴᠢᠬᠤᠯᠠ ᠶᠡᠭᠡ ᠠᠴᠢ ᠬᠤᠯᠪᠣᠭᠳᠠᠯ ᠪᠠ ᠭᠦᠨ ᠭᠦᠨᠵᠡᠭᠡᠢ ᠠᠭᠤᠯᠤᠭᠳᠠᠬᠤᠨ ᠤ ᠲᠤᠬᠠᠢ ᠣᠶᠢᠯᠠᠭᠠᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠡᠨᠡ ᠬᠦ ᠭᠤᠣᠯ ᠰᠢᠵᠢᠮ ᠢ ᠲᠤᠬᠠᠶᠢᠯᠠᠭᠰᠠᠨ ᠠᠵᠢᠯ ᠤᠨ ᠳᠤᠮᠳᠠ ᠪᠠᠨ ᠪᠦᠬᠦ ᠲᠠᠯ᠎ᠠ ᠪᠠᠷ ᠭᠦᠨᠵᠡᠭᠡᠢ ᠪᠥᠭᠡᠳ ᠪᠣᠳᠠᠲᠠᠢ ᠪᠠᠷ ᠲᠤᠭᠤᠰᠢᠯᠠᠭᠤᠯᠵᠤ᠂ ︽ᠭᠤᠷᠪᠠᠨ ᠰᠠᠯᠵᠤ ᠴᠢᠳᠠᠬᠤ ᠦᠭᠡᠢ︾ ᠦᠵᠡᠯ ᠰᠠᠨᠠᠭ᠎ᠠ ᠶᠢ ᠭᠦᠨᠵᠡᠭᠡᠶᠢᠷᠡᠭᠦᠯᠦᠨ᠂ ︽ᠳᠥᠷᠪᠡᠨ ᠬᠠᠮᠲᠤᠳᠬᠠᠬᠤ︾ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠡᠵᠡᠮᠳᠡᠵᠦ᠂ ︽ᠲᠠᠪᠤᠨ ᠬᠠᠮᠲᠤ ᠶᠢᠨ ᠲᠠᠨᠢᠯᠲᠠ︾ ᠶᠢᠨ ᠲᠤᠬᠠᠢ ᠭᠦᠨᠵᠡᠭᠡᠢ ᠣᠶᠢᠯᠠᠭᠠᠯᠲᠠ ᠪᠠᠨ ᠴᠢᠩᠭᠠᠳᠬᠠᠵᠤ᠂ ᠤᠬᠠᠮᠰᠠᠷ ᠠᠴᠠ ᠪᠠᠨ ᠲᠦᠷᠦᠭᠦᠯᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠦᠢᠯᠡᠳᠦᠯᠭᠡᠵᠢᠭᠦᠯᠦᠭᠴᠢ ᠪᠠ ᠠᠬᠢᠭᠤᠯᠤᠭᠴᠢ ᠪᠣᠯᠵᠣ᠂ ᠦᠨᠳᠦᠰᠦᠲᠡᠨ ᠨᠦᠭᠦᠳ ᠤᠨ ᠪᠦᠯᠬᠦᠮᠳᠡᠨ ᠲᠡᠮᠡᠴᠡᠬᠦ᠂ ᠴᠡᠴᠡᠭᠯᠡᠨ ᠬᠥᠭᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠪᠣᠢ ᠪᠣᠯᠭᠠᠵᠤ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ᠶᠢ ᠡᠭᠦᠳᠦᠨ ᠪᠠᠶᠢᠭᠤᠯᠬᠤ ᠠᠵᠢᠯ ᠪᠠ ᠦᠢᠯᠡᠴᠢᠯᠡᠭᠡᠨ ᠤ ᠪᠠᠲᠤᠯᠠᠭ᠎ᠠ ᠶᠢᠨ ︽ᠬᠤᠶᠠᠷ ᠶᠡᠭᠡ ᠶᠠᠪᠤᠳᠠᠯ︾ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号