ᠥᠪᠥᠷ ᠮᠣᠩᠭᠤᠯ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠬᠠᠲᠤᠨ ᠭᠤᠣᠯ ᠤᠨ ᠰᠣᠶᠣᠯ ᠠᠵᠤ ᠠᠬᠤᠢ ᠶᠢ ᠠᠬᠢᠭᠤᠯᠬᠤ ᠨᠡᠶᠢᠭᠡᠮᠯᠢᠭ ᠤᠨ ᠳᠠᠷᠤᠭ᠎ᠠ ᠹᠦ᠋ ᠲᠠᠢ ᠽᠧᠩ ᠨᠡᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/8/26
   8 ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠬᠠᠲᠤᠨ ᠭᠤᠣᠯ ᠤᠨ ᠰᠣᠶᠣᠯ ᠤᠨ ᠠᠵᠤ ᠠᠬᠤᠢ ᠶᠢ ᠠᠬᠢᠭᠤᠯᠬᠤ ᠬᠤᠷᠠᠯ ᠤᠨ ᠳᠠᠷᠤᠭ᠎ᠠ ᠹᠦ᠋ ᠲᠠᠢ ᠽᠧᠩ ᠨᠡᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠬᠢᠩᠭᠠᠨ ᠠᠶᠢᠮᠠᠭ ᠤᠨ ᠨᠠᠮ ᠤᠨ ᠬᠤᠷᠢ᠊ ᠡᠶ᠎ᠡ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠴᠢᠨ ᠬᠤᠸᠠ ᠵᠧᠨ᠂ ᠤᠤᠯ ᠤᠨ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠲᠠᠩ ᠠᠢ ᠷᠤ᠋᠂ ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ᠂ ᠬᠢᠩᠭᠠᠨ ᠠᠶᠢᠮᠠᠭ ᠤᠨ ᠵᠠᠬᠢᠷᠭ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢ ᠶᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠬᠤᠰᠢᠭᠤᠨ ᠳᠠᠷᠤᠭ᠎ᠠ ᠸᠠᠩ ᠬᠠᠢ ᠶᠢᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃   ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠭᠤᠣᠯ ᠤᠨ ᠪᠠᠶᠢᠰᠢᠩ ᠪᠠᠯᠭᠠᠰᠤᠨ ᠤ ᠬᠤᠸᠠᠳᠤᠪᠤ ᠭᠠᠴᠠᠭ᠎ᠠ᠂ ᠰᠠᠮᠠᠭ᠎ᠠ ᠭᠠᠴᠠᠭᠠᠨ ᠤ ᠵᠠᠰᠠᠯᠲᠠ ᠶᠢᠨ ᠲᠣᠭᠤᠷᠢᠭ ᠲᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠶᠠᠷᠢᠯᠴᠠᠵᠤ ᠰᠣᠯᠢᠯᠴᠠᠬᠤ ᠵᠡᠷᠭᠡ ᠬᠡᠯᠪᠡᠷᠢ ᠪᠠᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯᠡᠰᠦᠷᠬᠡᠭ ᠭᠠᠵᠠᠷ ᠢ ᠵᠠᠰᠠᠬᠤ ᠰᠡᠳᠬᠢᠴᠡ᠂ ᠵᠠᠰᠠᠬᠤ ᠠᠷᠭ᠎ᠠ ᠬᠡᠮᠵᠢᠶ᠎ᠡ᠂ ᠵᠠᠰᠠᠭᠰᠠᠨ ᠦᠷ᠎ᠡ ᠪᠦᠲᠦᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠳᠤ ᠵᠢᠯᠣᠭᠤᠳᠬᠤ ᠴᠢᠨᠠᠷᠲᠠᠢ ᠰᠠᠨᠠᠯ ᠪᠠ ᠰᠠᠨᠠᠭᠤᠯᠭ᠎ᠠ ᠳᠤᠷᠠᠳᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠢᠯᠡᠷᠬᠡᠶᠢᠯᠡᠭᠰᠡᠨ ᠢᠶᠠᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠤᠨ ᠰᠡᠳᠬᠢᠴᠡ ᠲᠣᠳᠣᠷᠬᠠᠢ᠂ ᠬᠠᠷᠠᠯᠲᠠ ᠲᠣᠳᠣᠷᠬᠠᠢ᠂ ᠤᠳᠤ ᠵᠠᠰᠠᠬᠤ ᠣᠷᠣᠨ ᠨᠢᠭᠡᠨᠲᠡ ᠠᠩᠬ᠎ᠠ ᠠᠯᠬᠤᠮ ᠤᠨ ᠦᠷ᠎ᠡ ᠪᠦᠲᠦᠮᠵᠢ ᠣᠯᠤᠭᠰᠠᠨ ᠪᠥᠭᠡᠳ ᠪᠦᠬᠦ ᠬᠤᠰᠢᠭᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ ᠵᠡᠷᠭᠡ ᠠᠵᠢᠯ ᠤᠨ ᠣᠯᠤᠭᠰᠠᠨ ᠠᠮᠵᠢᠯᠲᠠ ᠶᠢ ᠨᠤᠲᠠᠯᠠᠪᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠨᠢ ᠬᠢᠩᠭᠠᠨ ᠠᠶᠢᠮᠠᠭ ᠤᠨ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠨ ᠤ ᠭᠤᠣᠯ ᠳᠠᠶᠢᠨ ᠤ ᠲᠠᠯᠠᠪᠤᠷ ᠪᠣᠯᠤᠭᠰᠠᠨ ᠤ ᠬᠤᠪᠢ ᠳᠤ᠂ ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠂ ᠳᠠᠷᠠᠭᠠᠴᠢ ᠶᠢᠨ ᠠᠯᠬᠤᠮ ᠳᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨ᠎ᠡ ᠶᠢ ᠨᠢᠭᠡ ᠴᠣᠭᠴᠠᠵᠢᠭᠤᠯᠬᠤ ᠢᠨᠵᠧᠨᠧᠷᠢᠩ ᠢ ᠦᠷᠭᠦᠯᠵᠢᠯᠡᠨ ᠭᠦᠨᠵᠡᠭᠡᠢ ᠬᠡᠷᠡᠭᠵᠢᠭᠦᠯᠵᠦ᠂ ᠦᠨᠡᠨ ᠠᠴᠠ ᠵᠥᠪ ᠢ ᠡᠷᠢᠬᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ ᠶᠢ ᠪᠠᠷᠢᠮᠲᠠᠯᠠᠨ᠂ ᠵᠠᠰᠠᠬᠤ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠵᠠᠰᠠᠬᠤ ᠠᠷᠭ᠎ᠠ ᠮᠠᠶ᠋ᠢᠭ ᠢ ᠨᠠᠷᠢᠯᠢᠭ ᠣᠨᠣᠴᠠᠲᠠᠢ ᠪᠠᠷ ᠰᠣᠩᠭᠤᠨ᠂ ᠵᠠᠰᠠᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠵᠡᠢ᠃ ᠠᠮᠢ ᠠᠬᠤᠢ ᠶᠢᠨ ᠣᠷᠴᠢᠨ ᠲᠣᠭᠤᠷᠢᠨ ᠪᠣᠯᠤᠨ ᠠᠵᠤ ᠦᠢᠯᠡᠰ ᠤᠨ ᠬᠥᠭᠵᠢᠯᠲᠡ ᠶᠢᠨ ᠬᠠᠷᠢᠴᠠᠭ᠎ᠠ ᠶᠢ ᠵᠥᠪ ᠢᠶᠠᠷ ᠰᠠᠶᠢᠲᠤᠷ ᠰᠢᠢᠳᠪᠦᠷᠢᠯᠡᠵᠦ᠂ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠪᠣᠬᠢᠷᠲᠤᠯ ᠦᠭᠡᠢ ᠪᠠ ᠬᠥᠭᠵᠢᠯᠲᠡ ᠶᠢᠨ ︽ᠬᠤᠣᠰ ᠠᠮᠵᠢᠯᠲᠠ︾ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号