ᠰᠢᠨᠡᠵᠠᠮ ᠰᠤᠮᠤ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/27
 ︽ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠭᠡᠷ ᠤᠨ ᠮᠡᠳᠡᠭᠳᠡᠯ︾ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ 8 ᠰᠠᠷ᠎ᠠ ᠶᠢᠨ 23 ᠤ ᠡᠳᠦᠷ᠂ ᠰᠢᠨᠠᠵᠠᠮ ᠰᠤᠮᠤ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠯᠪᠠᠨ ᠭᠡᠷ ᠤᠨ ᠳᠡᠳ᠋ ᠡᠷᠬᠢᠯᠡᠭᠴᠢ ᠵᠧᠦ ᠯᠢ ᠵᠢᠶᠦ᠋ᠨ ᠨᠥᠬᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠬᠤᠶᠠᠳᠤᠭᠠᠷ ᠳᠤᠭᠤᠶᠢᠯᠠᠩ ᠤᠨ ᠭᠡᠰᠢᠭᠦᠴᠢ ᠵᠠᠩ ᠯᠧ ᠴᠧᠩ ᠨᠥᠬᠦᠷ ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠭᠤᠷᠪᠠᠳᠤᠭᠠᠷ ᠬᠢᠨᠠᠨ ᠪᠠᠶᠢᠴᠠᠭᠠᠬᠤ ᠲᠠᠰᠤᠭ ᠤᠨ ᠠᠵᠢᠯᠲᠠᠨ ᠨᠠᠷᠠᠰᠤ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠬᠤᠷᠠᠯ ᠢ ᠰᠤᠮᠤᠨ ᠤ ᠨᠠᠮ ᠤᠨ ᠬᠤᠷᠢᠶᠠᠨ ᠤ ᠱᠦᠵᠢ ᠰᠢᠦᠢ ᠲᠢᠶᠠᠨ ᠨᠥᠬᠦᠷ ᠡᠷᠬᠢᠯᠡᠵᠦ᠂ ᠰᠤᠮᠤᠨ ᠤ ᠨᠠᠮ ᠵᠠᠰᠠᠭ ᠤᠨ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃    ᠰᠢᠨᠠᠵᠠᠮ ᠰᠤᠮᠤ ᠶᠢᠨ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠷᠠᠯ ᠠᠴᠠ ᠡᠮᠦᠨ᠎ᠡ ᠲᠤᠰᠬᠠᠢ ᠰᠡᠳᠦᠪᠲᠦ ᠲᠥᠰᠦᠯ ᠲᠣᠭᠲᠠᠭᠠᠵᠤ᠂ ᠥᠷᠭᠡᠨ ᠢᠶᠠᠷ ᠰᠠᠨᠠᠯ ᠬᠤᠷᠢᠶᠠᠵᠤ᠂ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠬᠤᠷᠠᠯᠳᠤᠭᠤᠯᠵᠤ ᠲᠥᠪᠯᠡᠷᠡᠭᠦᠯᠦᠨ ᠰᠤᠷᠤᠯᠴᠠᠵᠤ᠂ ᠰᠡᠳᠬᠢᠯ ᠤᠨ ᠦᠭᠡ ᠪᠠᠨ ᠶᠠᠷᠢᠯᠴᠠᠵᠤ᠂ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠨᠡᠷ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠪᠣᠯᠤᠨ ᠬᠤᠪᠢ ᠬᠥᠮᠦᠨ ᠤ ᠶᠠᠷᠢᠶᠠᠨ ᠤ ᠲᠣᠪᠴᠢ ᠪᠢᠴᠢᠵᠦ᠂ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃    ᠬᠤᠷᠠᠯ ᠳᠡᠭᠡᠷ᠎ᠡ᠂ ᠰᠢᠦᠢ ᠲᠢᠶᠠᠨ ᠨᠥᠬᠦᠷ ᠲᠤᠰ ᠤᠳᠠᠭ᠎ᠠ ᠶᠢᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠮᠡᠳᠡᠭᠳᠡᠭᠰᠡᠨ ᠪᠥᠭᠡᠳ ᠤᠳᠤᠷᠢᠳᠬᠤ ᠪᠠᠭ ᠢᠶᠠᠨ ᠲᠥᠯᠥᠭᠡᠯᠡᠨ ᠬᠠᠷᠢᠴᠠᠭᠤᠯᠤᠨ ᠪᠠᠶᠢᠴᠠᠭᠠᠵᠤ᠂ ᠳᠣᠪᠤᠶᠢᠮ᠎ᠠ ᠠᠰᠠᠭᠤᠳᠠᠯ ᠢ ᠭᠦᠨᠵᠡᠭᠡᠢ ᠪᠠᠶᠢᠴᠠᠭᠠᠨ ᠳᠡᠯᠭᠡᠵᠦ᠂ ᠬᠤᠶᠢᠰᠢᠳᠠ ᠶᠢᠨ ᠴᠢᠷᠮᠠᠶᠢᠬᠤ ᠴᠢᠭᠯᠡᠯ ᠵᠢᠴᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠳᠠᠷᠠᠭ᠎ᠠ ᠨᠢ᠂ ᠰᠢᠦᠢ ᠲᠢᠶᠠᠨ ᠨᠥᠬᠦᠷ ᠲᠦᠷᠦᠭᠦᠯᠡᠨ ᠬᠠᠷᠢᠴᠠᠭᠤᠯᠤᠨ ᠪᠠᠶᠢᠴᠠᠭᠠᠬᠤ ᠶᠠᠷᠢᠶ᠎ᠠ ᠲᠠᠯᠪᠢᠵᠤ᠂ ᠪᠠᠭ ᠤᠨ ᠪᠦᠷᠢᠯᠳᠦᠬᠦᠨ ᠨᠢᠭᠡᠳ ᠨᠢᠭᠡ ᠪᠠᠷ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠯᠲᠠ ᠬᠢᠵᠦ᠂ ᠠᠰᠠᠭᠤᠳᠠᠯ ᠢ ᠭᠦᠨᠵᠡᠭᠡᠢ ᠪᠠᠶᠢᠴᠠᠭᠠᠨ ᠳᠡᠯᠭᠡᠵᠦ᠂ ᠰᠢᠯᠲᠠᠭᠠᠨ ᠢ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠬᠠᠷᠠᠯᠲᠠ᠂ ᠠᠷᠭ᠎ᠠ ᠬᠡᠮᠵᠢᠶ᠎ᠡ ᠪᠠᠨ ᠲᠣᠳᠣᠷᠬᠠᠶᠢᠯᠠᠵᠤ᠂ ᠪᠠᠭ ᠤᠨ ᠪᠦᠷᠢᠯᠳᠦᠬᠦᠨ ᠬᠤᠭᠤᠷᠣᠨᠳᠣ ᠪᠠᠨ ᠬᠠᠷᠢᠯᠴᠠᠨ ᠰᠢᠭᠦᠮᠵᠢᠯᠡᠯ ᠥᠷᠨᠢᠭᠦᠯᠪᠡ᠃    ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠭᠡᠷ ᠤᠨ ᠳᠡᠳ᠋ ᠡᠷᠬᠢᠯᠡᠭᠴᠢ ᠵᠧᠦ ᠯᠢ ᠵᠢᠶᠦ᠋ᠨ ᠨᠥᠬᠦᠷ ᠲᠤᠰ ᠤᠳᠠᠭᠠᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠦᠨᠡᠯᠡᠨ ᠵᠢᠯᠣᠭᠤᠳᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠳᠤ ᠭᠤᠷᠪᠠᠨ ᠲᠠᠯ᠎ᠠ ᠶᠢᠨ ᠱᠠᠭᠠᠷᠳᠠᠯᠭ᠎ᠠ ᠳᠤᠷᠠᠳᠪᠠ᠄ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠴᠢᠳᠠᠮᠵᠢ ᠪᠠᠨ ᠴᠢᠩᠭᠠᠳᠬᠠᠬᠤ ᠬᠡᠷᠡᠭᠲᠡᠢ᠃ ᠬᠤᠶᠠᠷ ᠲᠤ᠂ ᠴᠡᠭᠴᠡᠯᠡᠨ ᠵᠠᠰᠠᠬᠤ ᠬᠠᠷᠠᠯᠲᠠ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠴᠠᠭᠳᠠᠨ ᠪᠠᠶᠢᠴᠠᠭᠠᠵᠤ ᠴᠡᠭᠴᠡᠯᠡᠨ ᠵᠠᠰᠠᠬᠤ ᠪᠠᠷ ᠰᠤᠮᠤᠨ ᠤ ᠡᠯ᠎ᠡ ᠵᠦᠢᠯ ᠤᠨ ᠭᠤᠣᠯ ᠠᠵᠢᠯ ᠢ ᠠᠬᠢᠭᠤᠯᠬᠤ ᠬᠡᠷᠡᠭᠲᠡᠢ ᠃ ᠭᠤᠷᠪᠠ ᠳᠤ᠂ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠵᠦ᠂ ︽ᠣᠳᠣᠬᠠᠨ ᠳᠤ ᠥᠭᠡᠷᠡᠴᠢᠯᠡᠬᠦ︾ ᠪᠠ ︽ᠤᠷᠲᠤ ᠬᠤᠭᠤᠴᠠᠭ᠎ᠠ ᠪᠠᠷ ᠪᠠᠶᠢᠭᠤᠯᠬᠤ︾ ᠶᠢ ᠬᠠᠷᠢᠯᠴᠠᠨ ᠤᠶᠠᠯᠳᠤᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃    ᠬᠤᠷᠠᠯ ᠤᠨ ᠡᠴᠦᠰ ᠲᠤ᠂ ᠰᠢᠦᠢ ᠲᠢᠶᠠᠨ ᠨᠥᠬᠦᠷ ᠨᠠᠮ ᠵᠠᠰᠠᠭ ᠤᠨ ᠪᠠᠭ ᠢ ᠲᠥᠯᠥᠭᠡᠯᠡᠨ ᠣᠪᠣᠷ ᠢᠶᠠᠨ ᠢᠯᠡᠳᠬᠡᠵᠦ᠂ ᠰᠤᠮᠤ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠵᠦ᠂ ᠲᠦᠷᠦᠭᠦᠯᠡᠨ ᠴᠡᠭᠴᠡᠯᠡᠨ ᠰᠠᠶᠢᠵᠢᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠬᠠᠷᠢᠭᠤᠴᠠᠯᠭ᠎ᠠ ᠶᠢ ᠨᠠᠷᠢᠯᠢᠬᠵᠢᠭᠤᠯᠤᠨ ᠵᠠᠳᠠᠯᠵᠤ᠂ ᠱᠠᠲᠤ ᠱᠠᠲᠤ ᠪᠠᠷ ᠳᠠᠷᠤᠯᠲᠠ ᠥᠭᠴᠦ᠂ ᠴᠡᠭᠴᠡᠯᠡᠨ ᠰᠠᠶᠢᠵᠢᠷᠠᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠴᠠᠭᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ    
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号