ᠲᠦᠯᠢᠶᠡᠮᠤᠳᠤ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/27
   8 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠲᠦᠯᠢᠶᠡᠮᠤᠳᠤ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠪᠠᠯᠭᠠᠰᠤᠨ ᠤ ᠳᠡᠳ᠋ ᠳᠠᠷᠤᠭ᠎ᠠ ᠣᠶᠤᠨ ᠠᠴᠠ ᠡᠷᠬᠢᠯᠡᠵᠦ᠂ ᠡᠯ᠎ᠡ ᠭᠠᠴᠠᠭᠠᠨ ᠤ ᠨᠢᠭᠡᠳᠦᠭᠡᠷ ᠱᠦᠵᠢ᠂ ᠭᠠᠴᠠᠭᠠᠨ ᠤ ᠱᠦᠵᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠢ ᠺᠠᠳ᠋ᠷ ᠵᠢᠴᠢ ᠠᠵᠢᠯᠯᠠᠬᠤ ᠳᠤᠭᠤᠶᠢᠯᠠᠩ ᠣᠷᠣᠯᠴᠠᠪᠠ᠃    ᠬᠤᠷᠠᠯ ᠠᠴᠠ ᠳᠡᠭᠡᠳᠦ ᠱᠠᠲᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠬᠢᠨᠠᠨ ᠰᠢᠯᠭᠠᠬᠤ ᠭᠤᠣᠯᠳᠠᠯᠭ᠎ᠠ ᠶᠢ ᠨᠢᠭᠡᠳ ᠨᠢᠭᠡ ᠪᠠᠷ ᠵᠠᠳᠠᠯᠵᠤ᠂ ᠲᠠᠶᠢᠯᠪᠤᠷᠢᠯᠠᠬᠤ ᠶᠢᠨ ᠬᠠᠮᠲᠤ ᠡᠯ᠎ᠡ ᠭᠠᠴᠠᠭᠠᠨ ᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠨᠠᠷᠢᠨ ᠬᠢᠨᠠᠮᠠᠭᠠᠢ ᠡᠮᠬᠢᠯᠡᠬᠦ ᠶᠢᠨ ᠬᠠᠮᠲᠤ ᠨᠢᠭᠡ ᠠᠴᠠ ᠵᠦᠢᠴᠢᠯᠡᠵᠦ ᠨᠥᠭᠦᠭᠡ ᠶᠢ ᠮᠡᠳᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠴᠠᠭ᠎ᠠ ᠦᠵᠡᠯ ᠰᠠᠨᠠᠭᠠᠨ ᠤ ᠲᠠᠯ᠎ᠠ ᠪᠠᠷ ᠳᠠᠬᠢᠨ ᠴᠢᠬᠤᠯᠠᠴᠢᠯᠠᠵᠤ᠂ ︽ᠬᠡᠷᠡᠭ ᠤᠨ ᠳᠠᠷᠠᠭ᠎ᠠ ᠰᠢᠢᠳᠪᠦᠷᠢᠯᠡᠬᠦ︾ ᠪᠠᠶᠢᠭᠰᠠᠨ ᠠᠴᠠ ︽ᠡᠬᠢ ᠡᠭᠦᠰᠦᠯ ᠠᠴᠠ ᠨᠢ ᠦᠷ᠎ᠡ ᠠᠰᠢᠭ ᠢ ᠨᠡᠮᠡᠭᠳᠡᠭᠦᠯᠬᠦ︾ ᠪᠣᠯᠭᠠᠨ ᠬᠤᠪᠢᠷᠠᠭᠤᠯᠵᠤ᠂ ᠠᠵᠢᠯ ᠤᠨ ᠤᠷᠢᠳᠴᠢᠯᠠᠨ ᠮᠡᠳᠡᠬᠦ ᠴᠢᠨᠠᠷ ᠪᠠ ᠰᠠᠨᠠᠭᠠᠴᠢᠯᠠᠭᠠᠲᠤ ᠴᠢᠨᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠰᠤᠯᠠᠷᠠᠨ ᠬᠤᠶᠢᠷᠭᠤᠰᠢᠬᠤ᠂ ᠴᠢᠭᠯᠡᠯ ᠬᠡᠯᠪᠠᠶᠢᠬᠦ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠳᠠᠬᠢᠨ ᠨᠠᠷᠢᠯᠢᠭ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠠᠷᠠᠯᠲᠠ ᠡᠭᠦᠷᠭᠡ᠂ ︽ᠬᠤᠶᠠᠷ ᠭᠤᠣᠯᠳᠠᠯᠭ᠎ᠠ︾ ᠶᠢᠨ ᠬᠥᠮᠦᠰ ᠪᠠ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠵᠡᠷᠭᠡ ᠶᠢ ᠴᠢᠩᠭ᠎ᠠ ᠠᠩᠬᠠᠷᠴᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠠᠷᠳᠠᠴᠠ ᠬᠦᠷᠦᠯᠴᠡᠬᠦ ᠦᠭᠡᠢ᠂ ᠠᠷᠭ᠎ᠠ ᠬᠡᠮᠵᠢᠶ᠎ᠡ ᠣᠯᠠᠨ ᠪᠤᠰᠤ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠃ ᠠᠷᠭ᠎ᠠ ᠬᠡᠮᠵᠢᠶ᠎ᠡ ᠶᠢᠨ ᠲᠠᠯ᠎ᠠ ᠪᠠᠷ ᠳᠠᠬᠢᠨ ᠣᠨᠣᠪᠴᠢᠲᠠᠢ ᠪᠠᠶᠢᠵᠤ᠂ ︽ᠣᠳᠣᠬᠠᠨ ᠳᠤ ᠥᠭᠡᠷᠡᠴᠢᠯᠡᠬᠦ︾ ᠪᠠ ︽ᠤᠷᠲᠤ ᠬᠤᠭᠤᠴᠠᠭ᠎ᠠ ᠪᠠᠷ ᠪᠠᠶᠢᠭᠤᠯᠬᠤ︾ ᠶᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠬᠠᠨᠳᠤᠯᠭᠠᠲᠤ ᠴᠢᠨᠠᠷ ᠢᠶᠠᠷ ᠴᠢᠩᠭ᠎ᠠ ᠪᠢᠰᠢ᠂ ᠦᠷ᠎ᠡ ᠪᠦᠲᠦᠮᠵᠢ ᠪᠠᠷ ᠰᠠᠶᠢᠨ ᠦᠭᠡᠢ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠃ ᠰᠠᠬᠢᠯᠭ᠎ᠠ ᠪᠠᠲᠤ ᠶᠢᠨ ᠲᠠᠯ᠎ᠠ ᠪᠠᠷ ᠳᠠᠬᠢᠨᠲᠠ ᠴᠢᠩᠭ᠎ᠠ ᠠᠳᠬᠤᠵᠤ᠂ ᠣᠳᠣᠬᠠᠨ ᠤ ᠠᠵᠢᠯ ᠤᠨ ᠭᠤᠣᠯᠳᠠᠯᠭ᠎ᠠ ᠪᠣᠯᠤᠨ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠴᠠᠭ ᠲᠤᠬᠠᠢ ᠳᠤᠨᠢ ᠰᠤᠳᠤᠯᠤᠨ ᠮᠠᠭᠠᠳᠯᠠᠵᠤ᠂ ᠬᠠᠮᠤᠭ ᠤᠨ ᠴᠢᠩᠭ᠎ᠠ ᠬᠢᠨᠠᠨ ᠪᠠᠶᠢᠴᠠᠭᠠᠬᠤ ᠳᠦᠷᠢᠮ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢᠶᠠᠷ ᠪᠤᠷᠤᠭᠤ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠴᠢᠩᠭ᠎ᠠ ᠠᠳᠬᠤᠵᠤ᠂ ᠲᠤᠬᠢᠷᠠᠭᠤᠯᠭ᠎ᠠ ᠴᠢᠩᠭ᠎ᠠ ᠪᠤᠰᠤ᠂ ᠱᠠᠭᠠᠷᠳᠠᠯᠭ᠎ᠠ ᠴᠢᠩᠭ᠎ᠠ ᠪᠤᠰᠤ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号