ᠥᠪᠡᠷᠲᠡᠭᠡᠨ ᠵᠠᠰᠠᠬᠤ ᠣᠷᠣᠨ ᠤ ᠬᠥᠯ ᠪᠥᠮᠪᠦᠭᠡ ᠶᠢᠨ ᠨᠡᠶᠢᠭᠡᠮᠯᠢᠭ ᠤᠨ ᠲᠡᠷᠢᠭᠦᠯᠡᠭᠴᠢ ᠯᠢᠦ ᠵᠢᠶᠦ᠋ᠨ ᠴᠢᠩ ᠨᠡᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/8/27
   8 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠯ ᠪᠥᠮᠪᠦᠭᠡ ᠶᠢᠨ ᠨᠡᠶᠢᠭᠡᠮᠯᠢᠭ ᠤᠨ ᠲᠡᠷᠢᠭᠦᠯᠡᠭᠴᠢ ᠯᠢᠦ ᠵᠢᠶᠦ᠋ᠨ ᠴᠢᠩ ᠨᠡᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ᠬᠥᠯ ᠪᠥᠮᠪᠦᠭᠡ ᠶᠢᠨ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠪᠠ᠃ ᠠᠶᠢᠮᠠᠭ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠲᠡᠷᠢᠭᠦᠯᠡᠭᠴᠢ ᠶᠢᠦ ᠭᠦᠸᠧ ᠵᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠹᠧᠩ ᠵᠢᠶᠠᠨ ᠵᠦᠩ ᠨᠡᠷ ᠶᠠᠷᠢᠯᠴᠠᠬᠤ ᠬᠤᠷᠠᠯ ᠳᠤ ᠣᠷᠣᠯᠴᠠᠵᠠᠢ᠃    ᠶᠠᠷᠢᠯᠴᠠᠬᠤ ᠬᠤᠷᠠᠯ ᠳᠡᠭᠡᠷ᠎ᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠯ ᠪᠥᠮᠪᠦᠭᠡ ᠶᠢᠨ ᠨᠡᠶᠢᠭᠡᠮᠯᠢᠭ ᠪᠠᠶᠢᠭᠤᠯᠤᠭᠳᠠᠭᠰᠠᠨ ᠠᠴᠠ ᠨᠠᠰᠢᠬᠢ ᠭᠤᠣᠯ ᠠᠵᠢᠯ ᠪᠠ ᠠᠮᠵᠢᠯᠲᠠ ᠣᠯᠤᠭᠰᠠᠨ ᠵᠢᠴᠢ ᠠᠵᠢᠯ ᠢᠶᠠᠨ ᠥᠷᠨᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠤᠨ ᠲᠤᠬᠠᠢ ᠨᠠᠷᠢᠨ ᠲᠣᠳᠣᠷᠬᠠᠢ ᠬᠠᠷᠢᠭᠤ ᠮᠡᠳᠡᠭᠦᠯᠦᠯᠲᠡ ᠬᠢᠵᠡᠢ᠃ ᠲᠡᠷᠢᠭᠦᠯᠡᠭᠴᠢ ᠯᠢᠦ ᠵᠢᠶᠦ᠋ᠨ ᠴᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠯ ᠪᠥᠮᠪᠦᠭᠡ ᠶᠢᠨ ᠥᠭᠡᠷᠡᠴᠢᠯᠡᠯᠲᠡ ᠶᠢ ᠶᠡᠬᠡᠪᠡᠷ ᠠᠬᠢᠭᠤᠯᠬᠤ ᠬᠠᠮᠢᠶ᠎ᠠ ᠪᠦᠬᠦᠢ ᠠᠷᠭ᠎ᠠ ᠬᠢᠳᠡᠯ᠂ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠤᠨ ᠴᠢᠭᠯᠡᠯ ᠳᠤ ᠵᠢᠯᠣᠭᠤᠳᠬᠤ ᠰᠠᠨᠠᠭᠤᠯᠭ᠎ᠠ ᠳᠤᠷᠠᠳᠪᠠ᠃ ᠲᠡᠷᠡ᠂ ᠬᠤᠰᠢᠭᠤᠨ ᠤ ᠬᠥᠯ ᠪᠥᠮᠪᠦᠭᠡ ᠶᠢᠨ ᠨᠡᠶᠢᠭᠡᠮᠯᠢᠭ ᠤᠨ ᠦᠢᠯᠡᠳᠦᠯ ᠢ ᠪᠠᠳᠠᠷᠠᠭᠤᠯᠵᠤ᠂ ᠡᠯ᠎ᠡ ᠰᠤᠮᠤ ᠪᠠᠯᠭᠠᠰᠤᠨ ᠤ ᠬᠥᠯ ᠪᠥᠮᠪᠦᠭᠡ ᠶᠢᠨ ᠲᠠᠯᠠᠪᠤᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠥᠷᠥᠯ ᠵᠦᠢᠯ ᠤᠨ ᠪᠡᠯᠡ ᠮᠥᠩᠭᠦ ᠣᠯᠬᠤ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠬᠥᠯ ᠪᠥᠮᠪᠦᠭᠡ ᠶᠢᠨ ᠬᠥᠳᠡᠯᠭᠡᠭᠡᠨ ᠢ ᠤᠬᠠᠭᠤᠯᠤᠨ ᠳᠠᠶᠢᠴᠢᠯᠠᠬᠤ ᠶᠢ ᠰᠠᠶᠢᠲᠤᠷ ᠬᠢᠵᠦ᠂ ᠬᠥᠯ ᠪᠥᠮᠪᠦᠭᠡ ᠶᠢᠨ ᠬᠥᠳᠡᠯᠭᠡᠭᠡᠨ ᠢ ᠨᠢᠭᠡ ᠵᠦᠢᠯ ᠤᠨ ᠰᠣᠶᠣᠯ᠂ ᠨᠢᠭᠡ ᠵᠦᠢᠯ ᠤᠨ ᠴᠠᠭ ᠦᠶ᠎ᠡ ᠲᠠᠢ ᠪᠣᠯᠭᠠᠵᠤ᠂ ᠨᠡᠶᠢᠭᠡᠮ ᠳᠠᠶᠠᠭᠠᠷ ᠲᠤ ᠬᠥᠮᠦᠨ ᠪᠦᠬᠦᠨ ᠣᠷᠣᠯᠴᠠᠬᠤ᠂ ᠢᠳᠡᠪᠬᠢᠲᠡᠢ ᠪᠠᠷ ᠥᠭᠡᠳᠡᠯᠡᠨ ᠳᠠᠪᠰᠢᠬᠤ ᠬᠥᠯ ᠪᠥᠮᠪᠦᠭᠡ ᠶᠢᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃ ᠸᠠᠩ ᠬᠠᠢ ᠶᠢᠩ ᠢᠯᠡᠷᠬᠡᠶᠢᠯᠡᠬᠦ ᠳᠡᠭᠡᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠨ ᠬᠤᠰᠢᠭᠤᠨ ᠤ ᠬᠥᠯ ᠪᠥᠮᠪᠦᠭᠡ ᠶᠢᠨ ᠤᠬᠠᠭᠤᠯᠭ᠎ᠠ ᠳᠡᠯᠭᠡᠷᠡᠭᠦᠯᠦᠯᠲᠡ᠂ ᠪᠡᠯᠡ ᠮᠥᠩᠭᠦ ᠶᠢᠨ ᠳᠡᠮᠵᠢᠯᠭᠡ᠂ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠨᠡᠶᠢᠭᠡᠮ ᠤᠨ ᠬᠥᠯ ᠪᠥᠮᠪᠦᠭᠡ ᠶᠢᠨ ᠤᠷᠤᠯᠳᠤᠭᠠᠨ ᠤ ᠠᠵᠢᠯᠯᠠᠭ᠎ᠠ ᠶᠢ ᠪᠠᠶᠠᠯᠢᠭᠵᠢᠭᠤᠯᠬᠤ᠂ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢ ᠴᠢᠩᠭᠠᠷᠠᠭᠤᠯᠬᠤ ᠵᠡᠷᠭᠡ ᠲᠠᠯ᠎ᠠ ᠠᠴᠠ ᠭᠠᠷᠳᠠᠬᠤ ᠶᠢᠨ ᠬᠠᠮᠲᠤ ᠪᠠᠲᠤᠴᠠᠭᠠᠨ ᠤ ᠰᠣᠶᠣᠯ ᠵᠢᠭᠤᠯᠴᠢᠯᠠᠯ ᠤᠨ ᠨᠠᠶᠢᠷ ᠲᠠᠢ ᠤᠶᠠᠯᠳᠤᠭᠤᠯᠤᠨ᠂ ᠴᠣᠭᠴᠠ ᠪᠠᠷ ᠢᠶᠠᠨ ᠵᠤᠭᠠᠴᠠᠯ ᠢ ᠠᠬᠢᠭᠤᠯᠵᠤ᠂ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠭᠤᠰᠤᠯᠴᠠᠭᠤᠯᠬᠤ ᠠᠷᠭ᠎ᠠ ᠮᠠᠶ᠋ᠢᠭ ᠢ ᠢᠳᠡᠪᠬᠢᠲᠡᠢ ᠰᠦᠪᠡᠭᠴᠢᠯᠡᠵᠦ᠂ ᠪᠦᠬᠦ ᠬᠤᠰᠢᠭᠤᠨ ᠤ ᠬᠥᠯ ᠪᠥᠮᠪᠦᠭᠡ ᠶᠢᠨ ᠠᠵᠢᠯ ᠤᠨ ᠡᠷᠡᠭᠦᠯ ᠪᠥᠭᠡᠳ ᠲᠦᠷᠭᠡᠨ ᠬᠥᠭᠵᠢᠯᠲᠡ ᠶᠢ ᠬᠦᠴᠦᠯᠡᠨ ᠠᠬᠢᠭᠤᠯᠤᠨ᠎ᠠ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号