ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠨᠠᠷ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠲᠤ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/8/27
   8 ᠳ᠋ᠤᠭᠠᠷ ᠰᠠᠷ᠎ᠠ ᠶᠢᠨ 20 ᠤ ᠡᠳᠦᠷ᠂ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠳᠠᠶᠢᠴᠢᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠶ ᠭᠦᠸᠧ ᠨᠠᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠪᠠᠶ ᠴᠧᠩ ᠲᠣᠰ ᠲᠣᠰ ᠪᠤᠭᠤᠲᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ᠂ ᠰᠢᠯᠢ ᠶᠢᠨ ᠭᠤᠤᠯ ᠠᠶᠢᠮᠠᠭ ᠲᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃    ᠳᠠᠶᠢᠴᠢᠨ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠠᠨᠳᠤᠯ᠎ᠠ ᠪᠠᠯᠭᠠᠰᠤᠨ ᠤ ᠪᠠᠶᠠᠨᠬᠠᠷ᠎ᠠ ᠭᠠᠴᠠᠭ᠎ᠠ ᠳᠤ ᠬᠦᠷᠴᠦ᠂ ᠮᠠᠯᠵᠢᠬᠤ ᠡᠷᠦᠬᠡ ᠶᠢᠨ ᠲᠥᠯᠥᠭᠡᠯᠡᠭᠴᠢ ᠪᠣᠯᠤᠨ ᠰᠢᠶᠠᠩ ᠪᠠᠯᠭᠠᠰᠤ ᠭᠠᠴᠠᠭᠠᠨ ᠤ ᠺᠠᠳ᠋ᠷᠴᠤᠳ ᠲᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠭᠰᠠᠨ ᠪᠥᠭᠡᠳ ᠪᠠᠶᠢᠴᠠᠭᠠᠨ ᠰᠤᠳᠤᠯᠪᠠ᠃ ᠲᠡᠷᠡ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠨᠢ ᠲᠠᠷᠢᠶᠠᠯᠠᠩ ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ᠂ ᠮᠠᠯᠴᠢᠨ ᠲᠠᠷᠢᠶᠠᠴᠢᠨ ᠨᠢᠭᠡᠪᠦᠷᠢ ᠲᠠᠢ ᠨᠢᠭᠲᠠ ᠬᠤᠯᠪᠣᠭ᠎ᠠ ᠲᠠᠢ᠂ ᠡᠷᠬᠡᠪᠰᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢᠶᠠᠨ ᠪᠠᠲᠤᠳᠬᠠᠬᠤ ᠠᠵᠢᠯ ᠤᠨ ᠭᠤᠤᠯ ᠰᠢᠵᠢᠮ ᠲᠠᠢ ᠨᠢᠭᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯᠳᠤᠭᠠᠨ ᠤ ᠪᠠᠶᠢᠷᠢᠯᠠᠭᠤᠯᠤᠯᠲᠠ ᠶᠣᠰᠣᠭᠠᠷ᠂ ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠨ ᠳᠠᠬᠢ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠯᠠᠪᠳᠠᠭᠤᠨ ᠪᠠᠲᠤᠲᠠᠶ ᠠᠬᠢᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠪᠠᠶᠢᠭᠠᠳ ᠥᠷᠭᠡᠨ ᠣᠯᠠᠨ ᠮᠠᠯᠴᠢᠨ ᠲᠠᠷᠢᠶᠠᠴᠢᠨ ᠢ ᠥᠭᠡᠷᠡᠴᠢᠯᠡᠯᠲᠡ ᠳᠤ ᠣᠷᠣᠯᠴᠠᠭᠤᠯᠵᠤ᠂ ᠬᠦᠷᠲᠡᠮᠵᠢ ᠶᠢᠨ ᠲᠥᠷᠥᠭᠳᠡᠯ ᠲᠠᠢ ᠪᠣᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃    ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠳᠤ᠂ ᠸᠧᠢ ᠭᠦᠸᠧ ᠨᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠣᠷᠣᠯᠴᠠᠨ ᠶᠠᠷᠢᠯᠴᠠᠬᠤ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠠᠪᠤᠳᠤᠭᠠᠷ ᠪᠠ ᠠᠷᠪᠠᠳᠤᠭᠠᠷ ᠳᠤᠭᠤᠶᠢᠯᠠᠩ ᠤᠨ ᠭᠡᠰᠢᠭᠦᠳ ᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃ ᠸᠧᠶ ᠭᠦᠸᠧ ᠨᠠᠨ ᠪᠥᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠶ ᠲᠠᠶᠢᠯᠪᠤᠷᠢᠯᠠᠭᠰᠠᠨ ᠪᠥᠭᠡᠳ ᠪᠥᠬᠦᠳᠡ ᠬᠤᠷᠠᠯᠳᠤᠭᠠᠨ ᠢᠶᠠᠷ ᠳᠤᠷᠠᠳᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠮᠢᠳᠤᠯᠢᠭ ᠦᠢᠯᠡᠳᠦᠯᠭᠡ ᠪᠣᠯᠭᠠᠬᠤ ᠪᠠᠷ ᠦᠨᠡᠨ ᠬᠦ ᠬᠤᠪᠢᠷᠠᠭᠤᠯᠵᠤ᠂ ᠪᠥᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠤᠮᠠᠷᠠᠲᠤ ᠶᠢᠨ ᠡᠬᠡ ᠭᠠᠵᠠᠷ ᠲᠤ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠤᠨ᠂ ᠦᠨᠳᠦᠰᠦ ᠬᠠᠳᠬᠤᠨ ᠦᠷ᠎ᠡ ᠵᠢᠮᠢᠰ ᠰᠠᠭᠤᠯᠭᠠᠬᠤ ᠪᠠᠷ ᠲᠠᠰᠤᠷᠠᠯᠲᠠ ᠦᠭᠡᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ ᠬᠤᠷᠠᠯ ᠳᠤ ᠣᠷᠣᠯᠴᠠᠭᠰᠠᠳ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠠᠷᠭ᠎ᠠ ᠤᠬᠠᠭᠠᠨ ᠭᠠᠷᠭᠠᠨ ᠬᠦᠴᠦ ᠪᠠᠨ ᠡᠷᠭᠦᠵᠦ᠂ ᠥᠭᠡᠷᠡᠴᠢᠯᠡᠯᠲᠡ ᠬᠢᠬᠦ ᠢᠲᠡᠭᠡᠯ ᠢᠶᠠᠨ ᠪᠠᠲᠤᠳᠬᠠᠨ᠂ ᠥᠭᠡᠷᠡᠴᠢᠯᠡᠯᠲᠡ ᠬᠢᠬᠦ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠥᠭᠡᠷᠡᠴᠢᠯᠡᠯᠲᠡ ᠶᠢᠨ ᠰᠠᠶᠢᠨ ᠠᠷᠭ᠎ᠠ ᠪᠣᠳᠣᠯᠭ᠎ᠠ ᠶᠢ ᠢᠯᠡᠭᠦᠬᠡᠨ ᠰᠦᠪᠡᠭᠴᠢᠯᠡᠨ᠎ᠡ ᠭᠡᠵᠦ ᠢᠯᠡᠷᠬᠡᠶᠢᠯᠡᠵᠡᠭᠡᠪᠡ᠃    ᠵᠠᠩ ᠪᠠᠢ ᠴᠧᠩ ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃ ᠤᠬᠠᠭᠤᠯᠤᠨ ᠲᠠᠶᠢᠯᠪᠤᠷᠢᠯᠠᠬᠤ ᠳᠤ ᠪᠠᠨ᠂ ᠵᠠᠩ ᠪᠠᠢ ᠴᠧᠩ ᠰᠢᠯᠢ ᠶᠢᠨ ᠭᠤᠣᠯ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠲᠠᠶᠢᠯᠪᠤᠷᠢᠯᠠᠪᠠ᠃ ᠲᠡᠷᠡ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢᠶᠠᠨ ᠪᠠᠲᠤᠳᠬᠠᠬᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠡᠯᠡᠰᠦᠷᠡᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠳᠤ ᠣᠷᠣᠯᠴᠠᠭᠤᠯᠬᠤ ᠵᠡᠷᠭᠡ ᠲᠠᠯ᠎ᠠ ᠪᠠᠷ ᠦᠢᠯᠡᠳᠦᠯ ᠢᠶᠠᠨ ᠪᠠᠳᠠᠷᠠᠭᠤᠯᠵᠤ᠂ ᠪᠦᠬᠦ ᠠᠶᠢᠮᠠᠭ ᠤᠨ ᠥᠭᠡᠷᠡᠴᠢᠯᠡᠯᠲᠡ ᠬᠥᠭᠵᠢᠯᠲᠡ ᠳᠤ ᠠᠷᠭ᠎ᠠ ᠤᠬᠠᠭᠠᠨ ᠭᠠᠷᠭᠠᠨ ᠬᠦᠴᠦ ᠪᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠦᠷᠭᠦᠯᠵᠢᠯᠡᠨ ᠪᠤᠵᠠᠭᠠᠶᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号