ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠠᠨᠠᠷ ᠤᠨ ᠦᠷ᠎ᠡ ᠶᠢᠨ ᠬᠥᠷᠰᠢ ᠰᠠᠭᠠᠬᠠᠯᠲᠠ ᠶᠢᠨ ᠰᠣᠶᠣᠯ ᠤᠨ ᠴᠤᠭᠯᠠᠭᠠᠨ ᠡᠷᠬᠢᠯᠡᠪᠡ
ᠨᠡᠶᠢᠲᠡᠯᠡᠭᠰᠡᠨ ᠴᠠᠭ᠄
2024/8/29
   ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠰᠣᠯᠢᠯᠴᠠᠭ᠎ᠠ ᠪᠠ ᠦᠢᠯᠡᠳᠦᠯᠴᠡᠯ ᠢ ᠲᠠᠰᠤᠷᠠᠯᠲᠠ ᠦᠭᠡᠢ ᠴᠢᠩᠭᠠᠳᠬᠠᠵᠤ᠂ ᠡᠶ᠎ᠡ ᠵᠣᠬᠢᠴᠠᠯ ᠲᠠᠢ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠶᠢ ᠪᠠᠶᠢᠭᠤᠯᠬᠤ ᠶᠢᠨ ᠲᠥᠯᠥᠭᠡ᠂ 8 ᠰᠠᠷ᠎ᠠ ᠶᠢᠨ 27 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠳᠤᠭᠠᠷ ᠲᠠᠯᠠᠪᠠᠢ ᠤᠮᠠᠷᠠᠲᠤ ᠬᠢᠯᠢ ᠶᠢᠨ ᠰᠣᠶᠣᠯ ᠤᠨ ᠷᠦᠨ ᠵᠢᠶᠠ ᠶᠤᠸᠠᠨ ᠵᠢᠴᠢ ᠠᠨᠠᠷ ᠤᠨ ᠦᠷ᠎ᠡ ᠶᠢᠨ ᠬᠥᠷᠰᠢ ᠵᠡᠷᠭᠡᠯᠡᠳᠡᠭᠡ ᠰᠣᠶᠣᠯ ᠤᠨ ᠴᠤᠭᠯᠠᠭᠠᠨ ᠤ ᠠᠵᠢᠯᠯᠠᠭ᠎ᠠ ᠶᠢ ᠲᠡᠮᠦᠷ ᠵᠠᠮ ᠤᠨ ᠨᠡᠶᠢᠭᠡᠮ ᠲᠣᠭᠤᠷᠢᠭ ᠤᠨ ᠥᠷᠲᠡᠭᠡᠨ ᠤ ᠡᠮᠦᠨᠡᠬᠢ ᠲᠠᠯᠠᠪᠠᠢ ᠳᠤ ᠶᠠᠪᠤᠭᠳᠠᠭᠤᠯᠪᠠ᠃ ᠲᠤᠰ ᠤᠳᠠᠭᠠᠨ ᠤ ᠠᠵᠢᠯᠯᠠᠭ᠎ᠠ ᠶᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠠᠴᠠ ᠭᠤᠣᠯᠯᠠᠨ ᠡᠷᠬᠢᠯᠡᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠲᠡᠮᠦᠷ ᠵᠠᠮ ᠤᠨ ᠨᠡᠶᠢᠭᠡᠮ ᠲᠣᠭᠤᠷᠢᠭ ᠬᠠᠮᠲᠤᠷᠠᠨ ᠡᠷᠬᠢᠯᠡᠪᠡ᠃   ᠰᠣᠶᠣᠯ ᠤᠨ ᠴᠤᠭᠯᠠᠭᠠᠨ ᠨᠢ ᠤᠯᠠᠭᠠᠨᠮᠥ᠋ᠴᠢᠷ ᠤᠨ ᠲᠣᠭᠯᠠᠭᠴᠢ ᠶᠢᠨ ᠠᠪᠴᠢᠷᠠᠭᠰᠠᠨ ᠡᠷᠡᠭᠲᠡᠢ ᠡᠮᠡᠭᠲᠡᠢ ᠶᠢᠨ ᠬᠠᠮᠲᠤ ᠶᠢᠨ ᠪᠥᠵᠢᠭ ︽ᠰᠢᠨ᠎ᠡ ᠴᠠᠭ ᠦᠶ᠎ᠡ ᠶᠢ ᠬᠠᠩᠭᠢᠨᠠᠭᠤᠯᠤᠶ᠎ᠠ︾ ᠭᠡᠬᠦ ᠳᠤᠮᠳᠠ ᠬᠥᠰᠢᠭᠡ ᠪᠠᠨ ᠰᠡᠬᠦᠵᠦ᠂ ᠦᠯᠢᠭᠡᠷ ᠰᠢᠯᠢᠳᠡᠭ ᠵᠦᠴᠦᠭᠡ ᠶᠢᠨ ᠠᠷᠠᠳ ᠲᠤ ᠠᠰᠢᠭ ᠬᠦᠷᠲᠡᠭᠡᠬᠦ ᠦᠵᠡᠭᠦᠯᠭᠡ᠂ ᠪᠥᠵᠢᠭ ︽ᠪᠠᠶᠠᠷ ᠪᠠᠶᠠᠰᠤᠯ︾ ᠨᠢ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠣᠷᠭᠢᠯ ᠳᠤ ᠨᠢ ᠬᠦᠷᠭᠡᠵᠡᠢ᠃ ᠲᠣᠭᠯᠠᠭᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠵᠤ᠂ ᠦᠵᠡᠭᠴᠢᠳ ᠪᠠᠶᠠᠷ ᠪᠠᠭ᠋ᠠᠳᠤᠯ ᠤᠨ ᠳᠤᠮᠳᠠ ᠰᠣᠭᠲᠣᠭᠤᠷᠠᠵᠤ᠂ ᠤᠷᠠᠯᠢᠭ ᠤᠨ ᠷᠢᠳᠢ ᠰᠢᠳᠢ ᠶᠢ ᠮᠡᠳᠡᠷᠡᠪᠡ᠃ ᠢᠷᠠᠭᠤ ᠰᠠᠶᠢᠬᠠᠨ ᠳᠠᠭᠤᠤ ᠪᠥᠵᠢᠭ ᠤᠨ ᠲᠣᠭᠯᠠᠯᠲᠠ᠃ ᠲᠠᠶᠢᠰᠠᠨ ᠳᠡᠭᠡᠷᠡᠬᠢ ᠲᠣᠭᠯᠠᠯᠲᠠ ᠨᠢ ᠭᠤᠶᠢᠳᠠ ᠰᠠᠶᠢᠬᠠᠨ ᠲᠠᠶᠢᠰᠠᠨ ᠳᠣᠣᠷᠠᠬᠢ ᠡᠯ᠎ᠡ ᠣᠷᠣᠨ ᠪᠦᠰᠡ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠯ᠎ᠠ᠃ ᠲᠡᠮᠦᠷ ᠵᠠᠮ ᠤᠨ ᠰᠣᠶᠣᠯ ᠤᠨ ᠦᠵᠡᠰᠬᠦᠯᠡᠩ ᠤᠨ ᠲᠣᠭᠤᠷᠢᠭ ᠤᠨ ᠲᠠᠶᠢᠯᠪᠤᠷᠢᠯᠠᠭᠴᠢ ᠠᠴᠠ ᠪᠠᠶᠠᠨᠬᠤᠰᠢᠭᠤ ᠭᠠᠯᠲᠤ ᠲᠡᠷᠭᠡᠨ ᠥᠷᠲᠡᠭᠡᠨ ᠤ ᠲᠡᠦᠬᠡ ᠶᠢᠨ ᠭᠡᠷᠡᠯ ᠵᠢᠷᠤᠭ ᠲᠤ ᠲᠠᠶᠢᠯᠤᠮᠵᠢ ᠬᠢᠵᠦ᠂ ᠪᠠᠶᠠᠨᠬᠤᠰᠢᠭᠤ ᠭᠠᠯᠲᠤ ᠲᠡᠷᠭᠡᠨ ᠥᠷᠲᠡᠭᠡᠨ ᠤ ᠬᠥᠭᠵᠢᠯᠲᠡ ᠶᠢᠨ ᠶᠠᠪᠤᠴᠠ ᠪᠣᠯᠤᠨ ᠴᠢᠬᠤᠯᠠ ᠠᠴᠢ ᠬᠤᠯᠪᠣᠭᠳᠠᠯ ᠢ ᠣᠯᠠᠨ ᠳᠤ ᠲᠠᠨᠢᠯᠴᠠᠭᠤᠯᠪᠠ᠃ ᠰᠠᠭᠤᠭᠠᠯᠢ ᠠᠷᠠᠳ ᠤᠷᠠᠨ ᠰᠠᠶᠢᠬᠠᠨ ᠤ ᠲᠣᠭᠯᠠᠯᠲᠠ ᠶᠢ ᠰᠣᠨᠢᠷᠬᠠᠪᠠ᠃ ︽ᠡᠨᠡ ᠤᠳᠠᠭᠠᠨ ᠤ ᠠᠵᠢᠯᠯᠠᠭ᠎ᠠ ᠨᠢ ᠮᠠᠰᠢ ᠶᠡᠭᠡ ᠠᠴᠢ ᠬᠤᠯᠪᠣᠭᠳᠠᠯ ᠲᠠᠢ ᠶᠤᠮ᠂ ᠪᠢ ᠪᠠᠶᠠᠨᠬᠤᠰᠢᠭᠤ ᠭᠠᠯᠲᠤ ᠲᠡᠷᠭᠡᠨ ᠥᠷᠲᠡᠭᠡᠨ ᠤ ᠲᠡᠦᠬᠡ ᠶᠢ ᠣᠶᠢᠯᠠᠭᠠᠵᠤ᠂ ᠨᠡᠩ ᠣᠯᠠᠨ ᠲᠡᠮᠦᠷ ᠵᠠᠮ ᠤᠨ ᠮᠡᠳᠡᠯᠭᠡ ᠶᠢ ᠣᠶᠢᠯᠠᠭᠠᠭᠤᠯᠵᠤ᠂ ᠮᠠᠰᠢ ᠶᠡᠭᠡ ᠣᠯᠤᠯᠲᠠ ᠲᠠᠢ ᠪᠣᠯᠭᠠᠪᠠ︾᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠲᠡᠮᠦᠷ ᠵᠠᠮ ᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠠᠩ ᠪᠦᠦ ᠯᠢᠨ ᠬᠡᠯᠡᠪᠡ᠃ ᠪᠠᠶᠠᠨᠬᠤᠰᠢᠭᠤ ᠭᠠᠯᠲᠤ ᠲᠡᠷᠭᠡᠨ ᠥᠷᠲᠡᠭᠡᠨ ᠤ ᠲᠡᠦᠬᠡ ᠶᠢ ᠲᠠᠶᠢᠯᠪᠤᠷᠢᠯᠠᠪᠠ᠃ ᠲᠡᠮᠦᠷ ᠵᠠᠮ ᠤᠨ ᠭᠤᠣᠯ ᠰᠡᠳᠦᠪᠲᠦ ᠭᠠᠷ ᠤᠷᠠᠯᠠᠯ ᠤᠨ ᠲᠣᠭᠤᠷᠢᠭ ᠲᠤ ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠡᠳᠬᠢᠴᠡ ᠶᠢᠨ ᠵᠥᠪᠯᠡᠯᠭᠡ ᠥᠭᠬᠦ ᠦᠢᠯᠡᠴᠢᠯᠡᠭᠡᠨ ᠤ ᠲᠥᠪ ᠤᠨ ᠠᠵᠢᠯᠲᠠᠳ ᠬᠡᠦᠬᠡᠳ ᠤᠳ ᠤᠨ ᠭᠠᠯᠲᠤ ᠲᠡᠷᠭᠡᠨ ᠤ ᠵᠠᠭᠪᠤᠷ ᠬᠢᠬᠦ ᠶᠢ ᠵᠢᠯᠣᠭᠤᠳᠴᠤ᠂ ᠬᠡᠦᠬᠡᠳ ᠤᠳ ᠬᠠᠷᠢᠯᠴᠠᠨ ᠰᠠᠨᠠᠯ ᠢᠶᠠᠨ ᠰᠣᠯᠢᠯᠴᠠᠵᠤ ᠥᠪᠡᠷ ᠤᠨ ᠪᠦᠲᠦᠭᠡᠯ ᠢᠶᠠᠨ ᠳᠡᠯᠭᠡᠨ ᠦᠵᠡᠭᠦᠯᠵᠦ᠂ ᠴᠢᠷᠠᠢ ᠳᠦᠭᠦᠷᠡᠩ ᠪᠠᠶᠠᠷ ᠬᠦᠷ ᠲᠠᠢ ᠪᠠᠶᠢᠯ᠎ᠠ᠃ ᠬᠡᠦᠬᠡᠳ ᠤᠳ ᠭᠠᠯᠲᠤ ᠲᠡᠷᠭᠡᠨ ᠤ ᠵᠠᠭᠪᠤᠷ ᠬᠢᠬᠦ ᠶᠢ ᠰᠣᠷᠣᠨ᠎ᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠡᠳᠬᠢᠴᠡ ᠶᠢᠨ ᠵᠥᠪᠯᠡᠯᠭᠡ ᠥᠭᠬᠦ ᠦᠢᠯᠡᠴᠢᠯᠡᠭᠡᠨ ᠤ ᠲᠥᠪ ᠤᠨ ᠠᠵᠢᠯᠲᠠᠨ ᠲᠢᠶᠠᠨ ᠵᠢᠶᠠ ᠨᠠᠨ᠄ ︽ᠥᠨᠥᠳᠦᠷ ᠪᠢᠳᠡ ᠬᠡᠦᠬᠡᠳ ᠤᠳ ᠢ ᠳᠠᠭᠠᠭᠤᠯᠤᠨ ᠭᠠᠯᠲᠤ ᠲᠡᠷᠭᠡᠨ ᠤ ᠵᠠᠭᠪᠤᠷ ᠢ ᠦᠢᠯᠡᠳᠴᠡᠢ᠂ ᠲᠤᠰ ᠤᠳᠠᠭᠠᠨ ᠤ ᠠᠵᠢᠯᠯᠠᠭ᠎ᠠ ᠨᠢ ᠬᠡᠦᠬᠡᠳ ᠤᠨ ᠭᠠᠷ ᠬᠥᠳᠡᠯᠬᠦ ᠴᠢᠳᠠᠪᠤᠷᠢ ᠶᠢ ᠪᠣᠯᠪᠠᠰᠤᠷᠠᠭᠤᠯᠤᠭᠰᠠᠨ ᠢᠶᠠᠷ ᠪᠠᠷᠠᠬᠤ ᠦᠭᠡᠢ᠂ ᠪᠠᠰᠠ ᠬᠡᠦᠬᠡᠳ ᠤᠳ ᠲᠤ ᠪᠠᠶᠠᠨᠬᠤᠰᠢᠭᠤ ᠭᠠᠯᠲᠤ ᠲᠡᠷᠭᠡᠨ ᠥᠷᠲᠡᠭᠡᠨ ᠤ ᠲᠡᠦᠬᠡ ᠶᠢ ᠣᠶᠢᠯᠠᠭᠠᠭᠤᠯᠤᠭᠰᠠᠨ ᠴᠤ ᠲᠡᠷᠡ᠂ ᠡᠰᠡᠬᠦᠯ᠎ᠡ ᠬᠡᠦᠬᠡᠳ ᠲᠤ ᠠᠪᠴᠤ ᠬᠡᠯᠡᠪᠡᠯ ᠴᠥᠮ ᠮᠠᠰᠢ ᠶᠡᠭᠡ ᠣᠯᠤᠯᠲᠠ ᠲᠠᠢ ᠪᠣᠯᠤᠭᠰᠠᠨ ᠶᠤᠮ︾ ᠭᠡᠵᠦ ᠬᠡᠯᠡᠪᠡ᠃ ᠬᠠᠮᠢᠶ᠎ᠠ ᠪᠦᠬᠦᠢ ᠠᠵᠢᠯᠲᠠᠳ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠠᠢ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠲᠣᠭᠤᠷᠢᠭ ᠭᠠᠷᠭᠠᠵᠤ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠭᠴᠢ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠠ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠬᠦᠯᠢᠴᠡᠩᠭᠦᠢ ᠪᠠᠷ ᠲᠠᠶᠢᠯᠪᠤᠷᠢᠯᠠᠵᠤ᠂ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃  ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡᠨ ᠤ ᠣᠷᠣᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ ᠠᠴᠠ ᠢᠷᠡᠭᠰᠡᠨ ᠡᠮᠴᠢ ᠨᠡᠷ ᠦᠨ᠎ᠡ ᠲᠥᠯᠥᠪᠦᠷᠢ ᠦᠭᠡᠢ ᠪᠠᠷ ᠰᠠᠭᠤᠭᠠᠯᠢ ᠠᠷᠠᠳ ᠲᠤ ᠬᠢᠲᠠᠳ ᠡᠮᠨᠡᠯᠭᠡ ᠶᠢᠨ ᠡᠮᠴᠢᠯᠡᠭᠡ ᠬᠢᠬᠦ ᠶᠢᠨ ᠬᠠᠮᠲᠤ ᠴᠢᠰᠤᠨ ᠳᠠᠷᠤᠯᠲᠠ ᠥᠨᠳᠥᠷ ᠡᠪᠡᠳᠴᠢᠨ᠂ ᠨᠢᠷᠤᠭᠤ ᠡᠪᠡᠳᠬᠦ ᠵᠡᠷᠭᠡ ᠪᠠᠶᠢᠩᠭᠤ ᠲᠣᠬᠢᠶᠠᠯᠳᠤᠳᠠᠭ ᠡᠪᠡᠳᠴᠢᠨ ᠳᠤ ᠴᠢᠭᠯᠡᠭᠦᠯᠦᠨ᠂ ᠰᠠᠭᠤᠭᠠᠯᠢ ᠠᠷᠠᠳ ᠲᠤ ᠲᠤᠰᠬᠠᠢ ᠮᠡᠷᠭᠡᠵᠢᠯ ᠤᠨ ᠡᠷᠡᠭᠦᠯ ᠮᠡᠨᠳᠦ ᠶᠢᠨ ᠵᠢᠯᠣᠭᠤᠳᠣᠯᠭ᠎ᠠ ᠬᠠᠩᠭᠠᠵᠤ᠂ ᠢᠳᠡᠭᠡᠨ ᠤᠮᠳᠠᠭᠠᠨ ᠪᠠ ᠲᠠᠮᠢᠷ ᠤᠨ ᠬᠥᠳᠡᠯᠭᠡᠭᠡᠨ ᠢ ᠰᠢᠨᠵᠢᠯᠡᠬᠦ ᠤᠬᠠᠭᠠᠨᠴᠢ ᠪᠠᠷ ᠬᠤᠷᠢᠭᠯᠠᠨ ᠵᠣᠭᠰᠣᠭᠠᠨ᠎ᠠ᠃ ᠲᠤᠬᠠᠢ ᠶᠢᠨ ᠲᠠᠯᠠᠪᠠᠢ ᠳᠤ ᠪᠠᠰᠠ ᠠᠮᠲᠠᠲᠤ ᠢᠳᠡᠭᠡᠨ ᠤ ᠳᠡᠯᠭᠡᠭᠦᠷ ᠭᠠᠷᠭᠠᠵᠤ᠂ ᠬᠤᠨᠢᠨ ᠮᠢᠬᠠᠨ ᠤ ᠬᠡᠯᠬᠢᠶ᠎ᠡ ᠪᠠᠭᠪᠤᠷ᠂ ᠪᠠᠭᠪᠤᠷ ᠤᠨ ᠲᠠᠬᠢᠶᠠᠨ ᠦᠨᠦᠷ ᠬᠠᠩᠬᠤᠯᠵᠤ᠂ ᠰᠠᠭᠤᠭᠠᠯᠢ ᠠᠷᠠᠳ ᠦᠨ᠎ᠡ ᠲᠥᠯᠥᠪᠦᠷᠢ ᠦᠭᠡᠢ ᠪᠠᠷ ᠠᠮᠲᠠᠯᠠᠵᠤ᠂ ᠠᠮᠲᠠᠲᠤ ᠢᠳᠡᠭᠡᠨ ᠤ ᠣᠯᠤᠯᠲᠠ ᠲᠥᠷᠥᠭᠳᠡᠯ ᠢᠶᠠᠨ ᠬᠤᠪᠢᠶᠠᠯᠴᠠᠵᠤ ᠪᠣᠯᠤᠨ᠎ᠠ᠃ ︽ᠲᠤᠰ ᠤᠳᠠᠭᠠᠨ ᠤ ᠠᠵᠢᠯᠯᠠᠭ᠎ᠠ ᠨᠢ ︿ᠬᠤᠸᠠᠷ ᠫᠤᠤᠵᠢᠩ﹀ ︿ᠰᠣᠶᠣᠯ ᠤᠨ ᠦᠨᠦᠷ ᠠᠮᠲᠠ﹀ ᠶᠢ ᠨᠢᠭᠡ ᠴᠣᠭᠴᠠᠵᠢᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠡᠮᠦᠷ ᠵᠠᠮ ᠤᠨ ᠲᠡᠦᠬᠡ ᠶᠢ ᠨᠡᠩ ᠢᠯᠡᠭᠦᠦ ᠣᠶᠢᠯᠠᠭᠠᠭᠤᠯᠵᠤ᠂ ᠰᠣᠶᠣᠯ ᠤᠨ ᠶᠡᠭᠡ ᠴᠤᠭᠯᠠᠭᠠᠨ ᠤ ᠷᠢᠳᠢ ᠰᠢᠳᠢ ᠶᠢ ᠮᠡᠳᠡᠷᠡᠭᠦᠯᠦᠨ᠎ᠡ᠃ ᠪᠢᠳᠡ ᠦᠷᠭᠦᠯᠵᠢᠯᠡᠨ ᠰᠠᠭᠤᠭᠠᠯᠢ ᠠᠷᠠᠳ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠣᠯᠠᠨ ᠲᠠᠯ᠎ᠠ ᠶᠢᠨ ᠬᠦᠴᠦᠨ ᠢ ᠨᠢᠭᠲᠠᠷᠠᠭᠤᠯᠤᠨ᠂ ᠠᠷᠠᠳ ᠲᠤ ᠠᠰᠢᠭ ᠬᠦᠷᠲᠡᠭᠡᠬᠦ᠂ ᠠᠷᠠᠳ ᠲᠤ ᠳᠥᠭᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ ᠲᠠᠪᠴᠠᠩ ᠢ ᠦᠷᠭᠦᠯᠵᠢᠯᠡᠨ ᠰᠠᠶᠢᠲᠤᠷ ᠪᠠᠶᠢᠭᠤᠯᠵᠤ᠂ ᠴᠠᠭ ᠦᠶ᠎ᠡ ᠶᠢᠨ ᠰᠢᠨ᠎ᠡ ᠰᠤᠷᠲᠠᠯ ᠢ ᠤᠯᠠᠮᠵᠢᠯᠠᠨ ᠳᠡᠯᠭᠡᠷᠡᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠲᠡᠮᠦᠷ ᠵᠠᠮ ᠤᠨ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠱᠦᠵᠢ ᠵᠢᠷᠤᠮᠲᠤ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号