ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠦᠬᠦ ᠤᠯᠤᠰ ᠠᠩᠬ᠎ᠠ ᠤᠳᠠᠭ᠎ᠠ ᠣᠬᠤᠷ ᠬᠤᠷᠤᠭᠤᠲᠦ ᠪᠦᠷᠬᠦᠳ ᠤᠨ ᠦᠷᠡᠵᠢᠯ ᠤᠨ ᠲᠡᠮᠳᠡᠭᠯᠡᠯ ᠢ ᠣᠯᠵᠤ ᠮᠡᠳᠡᠪᠡ
ᠨᠡᠶᠢᠲᠡᠯᠡᠭᠰᠡᠨ ᠴᠠᠭ᠄
2024/8/29
   ᠣᠶᠢᠷ᠎ᠠ ᠶᠢᠨ ᠬᠤᠭᠤᠴᠠᠭᠠᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠥᠩᠬᠡ ᠬᠠᠨ ᠠᠭᠤᠯᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠥᠮᠦᠨ ᠢ ᠰᠣᠴᠢᠭᠠᠮ᠎ᠠ ᠠᠮᠢ ᠠᠬᠤᠢ ᠶᠢᠨ ᠰᠠᠶᠢᠨ  ᠶᠠᠪᠤᠳᠠᠯ ᠢᠯᠡᠷᠡᠵᠤ᠂ ᠬᠤᠪᠣᠷ ᠴᠤᠬᠠᠭ ᠵᠢᠭᠦᠷᠲᠡᠨ — ᠣᠬᠤᠷ ᠬᠤᠷᠤᠭᠤᠲᠦ ᠪᠦᠷᠬᠦᠳ ᠪᠠᠳᠤᠴᠠᠭᠠᠨ ᠮᠤᠳᠤᠨ ᠤ ᠳᠡᠭᠡᠷ᠎ᠡ ᠡᠬᠦᠷ ᠪᠠᠷᠢᠵᠤ ᠨᠤᠳᠤᠭᠰᠢᠭᠰᠠᠨ ᠢ ᠤᠯᠵᠤ ᠬᠠᠷᠠᠪᠠ᠂ ᠡᠨᠡ ᠪᠣᠯ ᠪᠦᠬᠦ ᠤᠯᠤᠰ ᠲᠤ ᠠᠩᠬ᠎ᠠ ᠤᠳᠠᠭ᠎ᠠ ᠣᠬᠤᠷ ᠬᠤᠷᠤᠭᠤᠲᠦ ᠪᠦᠷᠬᠦᠳ ᠤᠨ ᠦᠷᠡᠵᠢᠯ ᠤᠨ ᠲᠡᠮᠳᠡᠭᠯᠡᠯ ᠪᠣᠯᠤᠨ᠎ᠠ᠂ ᠡᠨᠡ ᠨᠢ ᠪᠠᠰᠠ ᠲᠤᠰ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢᠯᠡᠳᠲᠡ ᠳᠡᠭᠡᠭᠰᠢᠯᠡᠭᠰᠡᠨ ᠪᠠ ᠡᠯᠪᠡᠭ ᠪᠠᠶᠠᠯᠢᠭ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠲᠠᠢ ᠪᠠᠶᠢᠬᠤ ᠶᠢ ᠬᠠᠷᠠᠭᠤᠯᠵᠤ ᠪᠠᠶᠢᠨ᠎ᠠ᠃    ᠣᠬᠤᠷ ᠬᠤᠷᠤᠭᠤᠲᠦ ᠪᠦᠷᠬᠦᠳ ᠪᠤᠯ ᠬᠠᠭᠤᠴᠢᠨ ᠡᠬᠡ ᠬᠠᠭᠤᠷᠠᠢ ᠳᠤ ᠪᠠᠶᠢᠬᠤ ᠣᠨᠴᠠᠭᠠᠢ ᠠᠮᠢᠳᠤ ᠪᠣᠳᠠᠰ ᠤᠨ ᠲᠥᠷᠥᠯ ᠪᠣᠯᠤᠭᠰᠠᠨ ᠤ ᠬᠤᠪᠢ ᠳᠤ᠂ ᠲᠡᠭᠦᠨ ᠤ ᠬᠥᠳᠡᠯᠭᠡᠭᠡᠨ ᠤ ᠬᠦᠷᠢᠶ᠎ᠡ ᠬᠡᠪᠴᠢᠶ᠎ᠡ ᠨᠢ ᠭᠠᠵᠠᠷ ᠤᠨ ᠳᠤᠮᠳᠠᠳᠤ ᠳᠠᠯᠠᠢ ᠶᠢᠨ ᠡᠷᠭᠢ ᠳᠠᠭᠠᠤ ᠣᠷᠣᠰ᠂ ᠳᠤᠮᠳᠠ ᠳᠣᠷᠣᠨᠠᠲᠤ ᠣᠷᠣᠨ ᠪᠣᠯᠤᠨ ᠠᠽᠢᠶ᠎ᠠ ᠲᠢᠪ ᠤᠨ ᠫᠠᠺᠢᠰᠲ᠋ᠡᠨ᠂ ᠡᠨᠡᠳᠬᠡᠭ ᠪᠣᠯᠤᠨ ᠢᠨᠳᠦ᠋ᠢᠨᠧᠰᠢᠶ᠎ᠠ ᠣᠯᠲᠣᠷᠢᠭ ᠵᠡᠷᠭᠡ ᠭᠠᠵᠠᠷ ᠢᠶᠠᠷ ᠥᠷᠭᠡᠨ ᠳᠡᠯᠭᠡᠷᠡᠵᠦ ᠪᠠᠶᠢᠳᠠᠭ᠃ ᠲᠡᠳᠡ ᠬᠦᠴᠦᠷᠬᠡᠭ ᠪᠡᠶ᠎ᠡ ᠲᠠᠢ ᠪᠥᠭᠡᠳ ᠭᠠᠷᠮᠠᠭᠠᠢ ᠠᠩ ᠠᠪᠠ ᠶᠢᠨ ᠴᠢᠳᠠᠪᠤᠷᠢ ᠪᠠᠷ ᠢᠶᠠᠨ ᠪᠠᠶᠢᠭᠠᠯᠢ ᠶᠢᠨ ᠳᠣᠲᠣᠷᠠᠬᠢ ᠠᠭᠠᠷ ᠤᠨ ᠡᠵᠡᠷᠬᠡᠭᠴᠢ ᠪᠣᠯᠤᠨ᠎ᠠ᠃ ᠡᠨᠡ ᠤᠳᠠᠭ᠎ᠠ ᠮᠦᠩᠬᠡᠬᠠᠨ ᠠᠭᠤᠯᠠ ᠶᠢᠨ ᠬᠠᠮᠠᠭᠠᠯᠠᠯᠲᠠ ᠶᠢᠨ ᠣᠷᠣᠨ ᠳᠤ ᠪᠤᠢ ᠪᠣᠯᠤᠭᠰᠠᠨ ᠶᠠᠪᠤᠳᠠᠯ ᠨᠢ ᠲᠤᠰ ᠭᠠᠵᠠᠷ ᠣᠷᠣᠨ ᠤ ᠰᠢᠪᠠᠭᠤᠨ ᠤ ᠲᠥᠷᠥᠯ ᠵᠦᠢᠯ ᠤᠨ ᠰᠦᠷᠦᠭᠵᠢᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠲᠤᠰ ᠭᠠᠵᠠᠷ ᠣᠷᠣᠨ ᠤ ᠠᠮᠢ ᠠᠬᠤᠢ ᠣᠷᠴᠢᠨ ᠲᠣᠭᠤᠷᠢᠨ ᠤ ᠳᠠᠪᠠᠭᠤᠯᠢᠭ ᠪᠠ ᠵᠡᠷᠯᠢᠭ ᠠᠮᠢᠲᠠᠨ ᠢ ᠨᠡᠩ ᠢᠯᠡᠭᠦᠦ ᠲᠠᠲᠠᠵᠤ ᠪᠠᠶᠢᠨ᠎ᠠ    ᠪᠠᠲᠤᠴᠠᠭᠠᠨ ᠨᠢ ᠮᠥᠩᠬᠡ ᠬᠠᠨ ᠠᠭᠤᠯᠠ ᠶᠢᠨ ᠪᠠᠶᠢᠭᠠᠯᠢ ᠶᠢᠨ ᠦᠵᠡᠮᠵᠢ ᠶᠢᠨ ᠨᠢᠭᠡ ᠪᠣᠯᠤᠭᠰᠠᠨ ᠤ ᠬᠤᠪᠢ ᠳᠤ᠂ ᠡᠳᠡᠭᠡᠷ ᠮᠣᠳᠣ ᠨᠢ ᠬᠠᠮᠠᠭᠠᠯᠠᠯᠲᠠ ᠶᠢᠨ ᠣᠷᠣᠨ ᠳᠤ ᠥᠩᠭᠡ ᠪᠤᠳᠤᠭ ᠪᠠ ᠠᠮᠢᠵᠢᠷᠠᠯ ᠤᠨ ᠬᠦᠴᠦᠨ ᠢ ᠨᠡᠮᠡᠷᠢᠯᠡ ᠬᠦ ᠪᠠᠷ ᠪᠠᠷᠠᠬᠤ ᠦᠭᠡᠢ᠂ ᠨᠡᠩ ᠣᠯᠠᠨ ᠬᠡᠭᠡᠷ᠎ᠡ ᠶᠢᠨ ᠠᠮᠢᠲᠠᠨ ᠨᠢ ᠬᠦᠰᠡᠯᠡᠩ ᠤᠨ ᠣᠷᠴᠢᠨ ᠲᠣᠭᠤᠷᠢᠨ ᠢ ᠬᠠᠩᠭᠠᠬᠤ ᠪᠣᠯᠤᠨ᠎ᠠ᠃ ᠣᠬᠤᠷ ᠬᠤᠷᠤᠭᠤᠲᠦ ᠪᠦᠷᠬᠦᠳ ᠤᠨ ᠰᠣᠩᠭᠤᠯᠲᠠ ᠨᠢ ᠠᠳᠡ ᠪᠠᠶᠢᠵᠤ᠂ ᠪᠠᠲᠤᠴᠠᠭᠠᠨ ᠣᠢ ᠶᠢᠨ ᠳᠠᠪᠠᠭᠤᠯᠢᠭ ᠠᠮᠢ ᠠᠬᠤᠢ ᠶᠢᠨ ᠣᠷᠴᠢᠨ ᠲᠣᠭᠤᠷᠢᠨ ᠤ ᠨᠢᠭᠡ ᠵᠦᠢᠯ ᠤᠨ ᠨᠤᠲᠠᠯᠠᠯᠲᠠ ᠪᠠ ᠢᠲᠡᠭᠡᠯ ᠪᠣᠯᠬᠤ ᠨᠢ ᠳᠠᠮᠵᠢᠭ ᠦᠭᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号