9 ᠳ᠋ᠦ᠋ᠭᠡᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ︽ᠴᠠᠭ | ᠠᠭᠤᠷ ᠤᠨ ᠦᠢᠯᠡᠴᠢᠯᠡᠭᠡ ᠶᠢ ᠲᠠᠷᠢᠶᠠᠨ ᠭᠠᠵᠠᠷ ᠲᠤ ᠬᠦᠷᠭᠡᠬᠦ︾ ᠪᠠᠷ ᠭᠤᠤᠯ ᠰᠡᠳᠦᠪ ᠪᠣᠯᠭᠠᠭᠰᠠᠨ ᠣᠷᠣᠨ᠂ | ᠬᠤᠲᠠ᠂ ᠬᠤᠰᠢᠭᠤ ᠭᠤᠷᠪᠠᠨ ᠱᠠᠲᠤᠨ ᠤ ᠬᠠᠮᠲᠤᠷᠠᠯᠴᠠᠭᠰᠠᠨ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠶᠢᠨ | ᠠᠵᠢᠯᠯᠠᠭ᠎ᠠ ᠥᠷᠨᠢᠭᠦᠯᠵᠦ᠂ ᠭᠤᠷᠪᠠᠨ ᠱᠠᠲᠤ ᠳᠡᠭᠡᠷ᠎ᠡ ᠳᠣᠣᠷ᠎ᠠ ᠬᠤᠯᠪᠣᠭᠠᠯᠠᠨ ᠬᠥᠳᠡᠯᠦᠯᠴᠡᠵᠦ ᠳᠠᠮᠵᠢᠭᠤᠯᠬᠤ | ᠴᠢᠳᠠᠪᠤᠷᠢ ᠶᠢ ᠲᠦᠢᠯ ᠤᠨ ᠶᠡᠭᠡ ᠪᠠᠷ ᠴᠢᠩᠭᠠᠷᠠᠭᠤᠯᠤᠨ᠂ ᠰᠢᠨ᠎ᠡ ᠵᠠᠭᠤᠴᠢᠯᠠᠭᠤᠷ ᠤᠨ ᠠᠷᠭ᠎ᠠ ᠮᠠᠶ᠋ᠢᠭ ᠢᠶᠠᠷ ᠴᠠᠭ | ᠠᠭᠤᠷ ᠤᠨ ᠦᠢᠯᠡᠴᠢᠯᠡᠭᠡ ᠬᠠᠩᠭᠠᠬᠤ ᠰᠢᠨ᠎ᠡ ᠠᠷᠭ᠎ᠠ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠴᠠᠭ | ᠠᠭᠤᠷ ᠤᠨ ᠤᠬᠠᠭᠤᠯᠭ᠎ᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠷ᠎ᠡ ᠪᠦᠲᠦᠮᠵᠢ ᠶᠢ ᠴᠢᠩᠭᠠᠳᠬᠠᠪᠠ᠃ ᠲᠤᠰ | ᠤᠳᠠᠭᠠᠨ ᠤ ᠰᠢᠭᠤᠳ ᠨᠡᠪᠲᠡᠷᠡᠭᠦᠯᠭᠡ ᠳᠤ᠂ ᠴᠠᠭ ᠠᠭᠤᠷ ᠤᠨ ᠨᠡᠪᠲᠡᠷᠡᠭᠦᠯᠦᠭᠴᠢ ᠠᠴᠠ ᠥᠪᠡᠷᠲᠡᠭᠡᠨ ᠵᠠᠰᠠᠬᠤ | ᠣᠷᠣᠨ ᠤ ᠠᠮᠢ ᠠᠬᠤᠢ ᠪᠣᠯᠤᠨ ᠲᠠᠷᠢᠶᠠᠯᠠᠩ ᠤᠨ ᠴᠠᠭ ᠠᠭᠤᠷ ᠤᠨ ᠲᠥᠪ᠂ ᠲᠦᠮᠡᠳ ᠵᠡᠭᠦᠨ ᠬᠤᠰᠢᠭᠤᠨ ᠤ ᠴᠠᠭ | ᠠᠭᠤᠷ ᠤᠨ ᠲᠣᠪᠴᠢᠶ᠎ᠠ ᠶᠢᠨ ᠠᠵᠢᠯᠲᠠᠳ ᠲᠠᠢ ᠲᠠᠷᠢᠶᠠᠨ ᠭᠠᠵᠠᠷ ᠲᠤ ᠬᠦᠷᠴᠦ ᠲᠠᠷᠢᠶᠠᠴᠢᠳ ᠲᠠᠢ ᠬᠥᠳᠡᠭᠡ ᠠᠵᠤ | ᠠᠬᠤᠢ ᠳᠤ ᠦᠢᠯᠡᠴᠢᠯᠡᠬᠦ ᠲᠤᠬᠠᠢ ᠭᠦᠨᠵᠡᠭᠡᠢ ᠶᠠᠷᠢᠯᠴᠠᠵᠤ᠂ ᠲᠤᠬᠠᠢ ᠶᠢᠨ ᠲᠠᠯᠠᠪᠠᠢ ᠠᠴᠠ ᠪᠠᠶᠠᠨᠨᠠᠭᠤᠷ ᠬᠤᠳᠠ ᠶᠢᠨ | ᠬᠠᠩᠭᠢᠨ ᠬᠤᠶᠢᠲᠤ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠤᠯᠠᠭᠠᠨᠴᠠᠪ ᠬᠤᠳᠠ ᠶᠢᠨ ᠴᠠᠭ ᠠᠭᠤᠷ ᠤᠨ | ᠲᠣᠪᠴᠢᠶ᠎ᠠ ᠪᠣᠯᠤᠨ ᠬᠥᠬᠡᠬᠤᠲᠠ ᠶᠢᠨ ᠴᠠᠭ ᠠᠭᠤᠷ ᠤᠨ ᠲᠣᠪᠴᠢᠶ᠎ᠠ ᠶᠢᠨ ᠠᠵᠢᠯᠲᠠᠳ ᠲᠠᠢ ᠵᠠᠯᠭᠠᠵᠠᠢ᠃ ᠲᠣᠰ | ᠤᠳᠠᠭᠠᠨ ᠤ ︽ᠭᠠᠳᠠᠨ᠎ᠠ ᠭᠠᠷᠤᠭᠰᠠᠨ︾ ᠰᠢᠭᠤᠳ ᠨᠡᠪᠲᠡᠷᠡᠭᠦᠯᠭᠡ ᠳᠤ᠂ ᠴᠠᠭ ᠠᠭᠤᠷ ᠤᠨ ᠲᠤᠰᠬᠠᠶ | ᠮᠡᠷᠭᠡᠵᠢᠯᠲᠡᠨ ᠠᠴᠠ ᠪᠠᠰᠠ ᠰᠦᠯᠵᠢᠶᠡᠨ ᠤ ᠨᠠᠶᠢᠵᠠ ᠨᠠᠷ ᠵᠢᠴᠢ ᠲᠠᠷᠢᠶᠠᠴᠢᠳ ᠤᠨ ᠲᠠᠷᠢᠶᠠᠯᠠᠩ ᠤᠨ ᠶᠠᠪᠤᠴᠠ ᠳᠤ | ᠲᠣᠬᠢᠶᠠᠯᠳᠤᠭᠰᠠᠨ ᠡᠭᠡᠳᠡᠷᠡᠭᠡ ᠶᠢ ᠲᠤᠬᠠᠶ ᠶᠢᠨ ᠲᠠᠯᠠᠪᠤᠷ ᠲᠤ ᠬᠠᠷᠢᠭᠤᠯᠵᠤ᠂ ᠰᠢᠭᠤᠳ ᠨᠡᠪᠲᠡᠷᠡᠭᠦᠯᠭᠡ ᠶᠢᠨ | ᠠᠵᠢᠯᠯᠠᠭ᠎ᠠ ᠨᠢ ᠶᠡᠭᠡ ᠬᠡᠮᠵᠢᠶᠡᠨ ᠤ ᠪᠠᠭ᠋ᠠᠷᠬᠠᠭᠴᠢᠳ ᠤᠨ ᠠᠩᠬᠠᠷᠤᠯ ᠢ ᠲᠠᠲᠠᠭᠰᠠᠨ ᠪᠠᠶᠢᠨ᠎ᠠ᠃ |