ᠰᠢᠷᠠᠭᠳᠠᠬᠤ ᠠᠴᠠ ᠰᠡᠷᠭᠡᠶᠢᠯᠡᠬᠦ ᠦᠢᠯᠡᠳᠬᠦᠨ
ᠨᠡᠶᠢᠲᠡᠯᠡᠭᠰᠡᠨ ᠴᠠᠭ᠄
2024/8/29
   ᠡᠮᠨᠡᠯᠭᠡ ᠶᠢᠨ ᠠᠵᠢᠯᠲᠠᠨ ᠤ ᠰᠠᠨᠠᠭᠤᠯᠬᠤ ᠪᠠᠷ᠂ ᠰᠢᠷᠠᠭᠳᠠᠬᠤ ᠠᠴᠠ ᠰᠡᠷᠭᠡᠶᠢᠯᠡᠬᠦ ᠲᠥᠷᠥᠯ ᠤᠨ ᠦᠢᠯᠡᠳᠬᠦᠨ ᠢ ᠰᠣᠩᠭᠤᠬᠤ ᠳᠤ ᠳᠣᠣᠷᠠᠬᠢ ᠬᠡᠳᠦᠨ ᠲᠤᠭ᠎ᠠ ᠶᠢ ᠴᠡᠭᠡᠵᠢᠯᠡᠵᠦ ᠪᠣᠯᠣᠨ᠎ᠠ᠃ ᠨᠢᠭᠡ᠂ ᠰᠢᠷᠠᠭᠳᠠᠬᠤ ᠠᠴᠠ ᠰᠡᠷᠭᠡᠶᠢᠯᠡᠬᠦ ᠮᠠᠯᠠᠭᠠᠢ ᠶᠢ ᠰᠣᠩᠭᠤᠬᠤ ᠳᠠᠭᠠᠨ ᠰᠠᠷᠠᠪᠴᠢ ᠨᠢ 7.5 ᠠᠴᠠ ᠤᠷᠳᠤ ᠪᠠᠶᠢᠬᠤ ᠶᠢ ᠪᠤᠳᠤᠯᠭᠢᠯᠠᠨ᠎ᠠ᠃ ᠬᠤᠶᠠᠷ᠂ ᠨᠠᠷᠠᠨ ᠠᠴᠠ ᠬᠠᠯᠬᠠᠯᠠᠬᠤ ᠰᠢᠬᠦᠷ ᠪᠠ ᠨᠠᠷᠠᠨ ᠠᠴᠠ ᠰᠡᠷᠭᠡᠶᠢᠯᠡᠬᠦ ᠬᠤᠪᠴᠠᠰᠤ ᠬᠤᠨᠠᠷ ᠢ ᠰᠣᠩᠭᠤᠬᠤ ᠳᠠᠭᠠᠨ ᠬᠦᠷᠢᠨ ᠤ ᠭᠠᠳᠠᠨᠠᠬᠢ ᠲᠤᠶᠠᠭ᠎ᠠ ᠶᠢ ᠬᠠᠮᠠᠭᠠᠯᠠᠬᠤ ᠢᠯᠡᠳᠬᠡᠮᠵᠢ ᠨᠢ ︵UPF︶ 25 ᠠᠴᠠ ᠶᠡᠭᠡ ᠪᠦᠲᠦᠭᠡᠭᠳᠡᠬᠦᠨ ᠢ ᠰᠣᠩᠭᠤᠪᠠᠯ ᠵᠤᠭᠢᠨ᠎ᠠ᠃ ᠭᠤᠷᠪᠠ᠂ ᠰᠢᠷᠠᠭᠳᠠᠬᠤ ᠠᠴᠠ ᠰᠡᠷᠭᠡᠶᠢᠯᠡᠵᠦ ᠠᠷᠠᠰᠤ ᠶᠢ ᠬᠠᠮᠠᠭᠠᠯᠠᠬᠤ ᠪᠦᠲᠦᠭᠡᠭᠳᠡᠬᠦᠨ ᠢ ᠭᠠᠳᠠᠭᠰᠢ ᠭᠠᠷᠬᠤ ᠠᠴᠠ ᠡᠮᠦᠨ᠎ᠡ 20 ᠠᠴᠠ 30 ᠮᠢᠨᠦ᠋ᠲ ᠲᠤ ᠲᠦᠷᠬᠢᠵᠦ᠂ ᠶᠡᠷᠦᠳᠡᠭᠡᠨ 2 ᠠᠴᠠ 3 ᠴᠠᠭ ᠠᠯᠤᠰᠯᠠᠬᠤ ᠪᠦᠷᠢ ᠳᠠᠭᠢᠨ ᠲᠦᠷᠭᠢᠪᠡᠯ ᠲᠣᠬᠢᠷᠠᠮᠵᠢᠲᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号