ᠬᠡᠦᠬᠡᠳ ᠪᠠ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠶᠢᠨ | ᠲᠥᠯᠥᠭᠡ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠬᠡᠦᠬᠡᠳ ᠵᠠᠯᠠᠭᠤᠴᠤᠳ | ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠭᠤᠤᠯ ᠮᠡᠳᠡᠯᠭᠡ ᠶᠢᠨ ᠠᠷᠪᠠᠨ ᠵᠤᠷᠪᠤᠰ︾ ᠢ | ᠳᠠᠷᠤᠮᠠᠯᠯᠠᠨ ᠲᠠᠷᠬᠠᠭᠠᠪᠠ᠃ ᠡᠭᠦᠨ ᠳᠤ ᠬᠡᠦᠬᠡᠳ ᠤᠨ ᠡᠯᠧᠺᠲᠷᠤᠨ ᠳᠡᠯᠭᠡᠴᠡ ᠬᠡᠷᠡᠭᠯᠡᠬᠦ ᠴᠠᠭ ᠤᠨ ᠲᠤᠬᠠᠶ ᠨᠠᠷᠢᠨ | ᠲᠣᠭᠲᠠᠭᠠᠯ ᠭᠠᠷᠭᠠᠵᠠᠶ᠃ ᠲᠤᠰ ᠪᠢᠴᠢᠭ ᠮᠠᠲ᠋ᠧᠷᠢᠶᠠᠯ ᠳᠤ ᠡᠯᠧᠺᠲᠷᠤᠨ ᠳᠡᠯᠭᠡᠴᠡ ᠶᠢᠨ ᠲᠥᠷᠥᠯ ᠤᠨ ᠦᠢᠯᠡᠳᠬᠦᠨ ᠢ | ᠣᠷᠳᠣ ᠬᠤᠭᠤᠴᠠᠭ᠎ᠠ ᠪᠠᠷ ᠣᠶᠢᠷ᠎ᠠ ᠵᠠᠢ ᠠᠴᠠ ᠬᠡᠷᠡᠭᠯᠡᠬᠦ ᠨᠢ ᠬᠡᠦᠬᠡᠳ ᠤᠨ ᠬᠤᠯᠠ ᠬᠠᠷᠠᠭᠠᠨ ᠤ ᠨᠥᠭᠡᠴᠡ ᠶᠢ | ᠠᠮᠠᠷᠬᠠᠨ ᠬᠤᠷᠣᠭᠳᠠᠭᠤᠯᠵᠤ᠂ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠡᠷᠲᠡ ᠡᠭᠦᠰᠬᠦ᠂ ᠣᠯᠠᠨ | ᠡᠭᠦᠰᠬᠦ ᠶᠢᠨ ᠴᠢᠬᠤᠯᠠ ᠰᠢᠯᠲᠠᠭᠠᠨ ᠪᠣᠯᠣᠨ᠎ᠠ ᠭᠡᠵᠦ ᠵᠢᠭᠠᠵᠤ ᠭᠠᠷᠭᠠᠭᠰᠠᠨ ᠤ ᠬᠠᠮᠲᠤ᠂ ᠡᠯ᠎ᠡ ᠨᠠᠰᠤᠨ ᠤ | ᠬᠡᠤᠬᠡᠳ ᠤᠨ ᠳᠡᠯᠭᠡᠴᠡ ᠶᠢᠨ ᠲᠥᠷᠥᠯ ᠤᠨ ᠡᠯᠧᠺᠲᠷᠤᠨ ᠦᠢᠯᠡᠳᠬᠦᠨ ᠢ ᠬᠡᠷᠡᠭᠯᠡᠬᠦ ᠲᠤᠬᠠᠢ ᠬᠠᠮᠢᠶᠠᠷᠤᠨ ᠡᠵᠡᠮᠳᠡᠬᠦ | ᠪᠣᠳᠠᠲᠠᠢ ᠴᠠᠭ ᠢ ᠨᠡᠶᠢᠲᠡᠯᠡᠪᠡ᠃ 0 — 3 ᠨᠠᠰᠤᠨ ᠤ ᠨᠢᠯᠬ᠎ᠠ ᠬᠡᠦᠬᠡᠳ᠄ ᠭᠠᠷ ᠤᠲᠠᠰᠤ᠂ ᠺᠣᠮᠫᠢᠦ᠋ᠲ᠋ᠧᠷ ᠵᠡᠷᠭᠡ | ᠳᠡᠯᠭᠡᠴᠡ ᠶᠢᠨ ᠲᠥᠷᠥᠯ ᠤᠨ ᠡᠯᠧᠺᠳ᠋ᠷᠣᠨ ᠦᠢᠯᠡᠳᠬᠦᠨ ᠢ ᠬᠡᠷᠡᠭᠯᠡᠬᠦ ᠥᠬᠡᠶ᠃ 3 — 6 ᠨᠠᠰᠤᠨ ᠤ ᠬᠡᠦᠬᠡᠳ᠄ | ᠭᠠᠷ ᠤᠲᠠᠰᠤ᠂ ᠺᠣᠮᠫᠢᠦ᠋ᠲ᠋ᠧᠷ ᠵᠡᠷᠭᠡ ᠳᠡᠯᠭᠡᠴᠡ ᠶᠢᠨ ᠲᠥᠷᠥᠯ ᠤᠨ ᠡᠯᠧᠺᠲᠷᠤᠨ ᠦᠢᠯᠡᠳᠬᠦᠨ ᠲᠠᠢ ᠣᠶᠢᠷᠠᠳᠬᠤ ᠪᠠ | ᠬᠡᠷᠡᠭᠯᠡᠬᠦ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠢ᠃ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ᠄ | ᠰᠤᠷᠤᠯᠴᠠᠬᠤ ᠪᠤᠰᠤ ᠵᠣᠷᠢᠯᠭ᠎ᠠ ᠪᠠᠷ ᠡᠯᠧᠺᠲᠷᠤᠨ ᠳᠡᠯᠭᠡᠴᠡ ᠶᠢ ᠬᠡᠷᠡᠭᠯᠡᠬᠦ ᠴᠠᠭ ᠢ ᠨᠢᠭᠡ ᠤᠳᠠᠭ᠎ᠠ 15 | ᠮᠢᠨᠦ᠋ᠲ ᠠᠴᠠ ᠬᠡᠲᠦᠷᠡᠭᠦᠯᠵᠦ ᠪᠣᠯᠬᠤ ᠥᠬᠡᠶ᠂ ᠡᠳᠦᠷ ᠪᠦᠷᠢ ᠨᠡᠶᠢᠲᠡ ᠴᠠᠭ ᠢ 1 ᠴᠠᠭ ᠠᠴᠠ ᠬᠡᠲᠦᠷᠡᠭᠦᠯᠵᠦ ᠪᠣᠯᠬᠤ | ᠥᠬᠡᠶ᠃ ᠡᠯᠧᠺᠲᠷᠤᠨ ᠳᠡᠯᠭᠡᠴᠡ ᠪᠠᠷ ᠰᠤᠷᠤᠯᠴᠠᠬᠤ ᠳᠤ᠂ ᠳᠡᠯᠭᠡᠴᠡ ᠶᠢᠨ ᠭᠤᠤᠯ ᠪᠠᠶᠢᠷᠢ ᠨᠢ ᠨᠢᠳᠦᠨ ᠤ ᠬᠠᠷᠠᠭᠠᠨ | ᠱᠤᠭᠤᠮ ᠠᠴᠠ ᠳᠣᠣᠷ᠎ᠠ 10 ᠰᠠᠨᠲ᠋ᠢᠮᠧᠳ᠋ᠷ ᠤᠨ ᠣᠷᠴᠢᠮ ᠪᠠᠶᠢᠵᠤ᠂ 30 - 40 ᠮᠢᠨᠦ᠋ᠲ ᠦᠵᠡᠭᠰᠡᠨ ᠤ ᠳᠠᠷᠠᠭ᠎ᠠ᠂ | ᠬᠤᠯᠠ ᠶᠢ ᠬᠠᠷᠠᠵᠤ 10 ᠮᠢᠨᠦ᠋ᠲ ᠨᠢᠳᠦ ᠪᠠᠨ ᠠᠮᠠᠷᠠᠭᠤᠯᠪᠠᠯ ᠵᠣᠬᠢᠨ᠎ᠠ᠃ |