ᠪᠠᠶᠠᠨᠬᠤᠰᠢᠭᠤ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠬᠠᠤᠯᠢ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/31
   ᠣᠶᠢᠷ᠎ᠠ ᠳᠤ᠂ ᠪᠠᠶᠠᠨᠬᠤᠰᠢᠭᠤ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠬᠠᠤᠯᠢ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠪᠦᠦ ᠵᠢᠶᠦ᠋ᠨ ᠬᠤᠷᠠᠯ ᠡᠷᠬᠢᠯᠡᠪᠡ᠃    ᠬᠤᠷᠠᠯ ᠳᠡᠭᠡᠷ᠎ᠡ᠂ ᠪᠠᠯᠭᠠᠰᠤᠨ ᠤ ᠨᠢᠭᠡᠳᠦᠮᠡᠯ ᠹᠷᠣᠨᠲ ᠤᠨ ᠭᠡᠰᠢᠭᠦᠳ ︽︿ᠬᠢᠩᠭᠠᠨ ᠠᠶᠢᠮᠠᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠭᠤᠣᠯ ᠱᠤᠭᠤᠮ ᠢ ᠨᠠᠶᠢᠳᠠᠪᠤᠷᠢᠵᠢᠭᠤᠯᠬᠤ﹀ ᠶᠢ ᠲᠤᠷᠰᠢᠨ ᠬᠡᠷᠡᠭᠵᠢᠭᠦᠯᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠪᠦᠬᠦ ᠪᠠᠯᠭᠠᠰᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠠᠷᠭ᠎ᠠ ᠶᠢ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠴᠠᠭ᠎ᠠ ᠣᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠡᠯ᠎ᠡ ᠦᠨᠳᠦᠰᠦᠲᠡᠨ ᠤ ᠣᠯᠠᠨ ᠲᠦᠮᠡᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠵᠤ᠂ ︽ᠰᠡᠳᠬᠢᠯ ᠨᠢᠭᠡᠳᠦᠨ ᠪᠠᠶᠠᠨᠬᠤᠲᠠ ᠪᠠᠯᠭᠠᠰᠤᠨ ᠤ ︿ᠦᠭᠡ ᠬᠡᠯᠡ﹀ ᠶᠢ ᠲᠠ ᠪᠣᠯᠵᠣᠬᠤ︾ ᠪᠠᠭ᠎ᠠ ᠬᠢᠴᠢᠶᠡᠯ ᠤᠨ ᠲᠠᠩᠬᠢᠮ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠬᠤᠷᠠᠯ ᠵᠡᠷᠭᠡ ᠵᠢᠭᠰᠠᠭᠠᠯ ᠤᠨ ᠭᠠᠵᠠᠷ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠠᠮ ᠤᠨ ᠭᠡᠰᠢᠭᠦᠨ ᠤ ᠠᠵᠢᠯᠯᠠᠭᠠᠨ ᠤ ᠲᠠᠰᠤᠭ᠂ ᠴᠢᠳᠠᠪᠤᠷᠢᠲᠠᠨ ᠢ ᠬᠥᠮᠦᠵᠢᠭᠦᠯᠬᠦ ᠲᠥᠪ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ᠂ ᠲᠠᠯ᠎ᠠ ᠨᠤᠲᠤᠭ ᠤᠨ ᠨᠣᠮ ᠤᠨ ᠥᠷᠥᠭᠡ᠂ ᠬᠥᠳᠡᠭᠡ ᠲᠣᠰᠬᠤᠨ ᠤ ᠵᠢᠵᠢᠭ ᠲᠠᠪᠴᠠᠩ ᠵᠡᠷᠭᠡ ᠲᠠᠪᠴᠠᠩ ᠤᠨ ᠠᠴᠢᠶᠠᠯᠠᠪᠤᠷᠢ ᠶᠢ ᠰᠠᠶᠢᠲᠤᠷ ᠬᠡᠷᠡᠭᠯᠡᠵᠦ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠨᠡᠩ ᠣᠯᠠᠨ ᠠᠵᠢᠯᠯᠠᠭ᠎ᠠ ᠥᠷᠨᠢᠭᠦᠯᠵᠦ᠂ ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠠᠷᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠠᠵᠢᠯᠯᠠᠵᠤ ᠬᠠᠮᠲᠤ ᠪᠠᠷ ᠬᠥᠭᠵᠢᠬᠦ᠂ ᠬᠠᠮᠲᠤ ᠪᠠᠷ ᠠᠭᠤᠰᠤᠯᠴᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠪᠠᠶᠠᠨᠬᠤᠰᠢᠭᠤ ᠪᠠᠯᠭᠠᠰᠤᠨ ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠭᠦᠯᠬᠦ ᠬᠡᠷᠡᠭᠲᠡᠢ᠃    ᠡᠯ᠎ᠡ ᠭᠠᠴᠠᠭᠠᠨ ᠤ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠂ ᠨᠠᠮ ᠤᠨ ᠡᠭᠦᠷ ᠤᠨ ᠱᠦᠵᠢ᠂ ᠠᠵᠢᠯᠯᠠᠬᠤ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号