ᠪᠦᠬᠦ ᠤᠯᠤᠰ ᠤᠨ ᠵᠤᠨ ᠤ ᠠᠮᠤ ᠪᠤᠳᠠᠭ᠎ᠠ ᠶᠢ ᠬᠤᠳᠠᠯᠳᠤᠨ ᠠᠪᠤᠭᠰᠠᠨ ᠬᠡᠮᠵᠢᠶ᠎ᠡ 6000 ᠲᠦᠮᠡᠨ ᠲᠣᠨ ᠢ ᠳᠠᠪᠠᠵᠠᠶ
ᠨᠡᠶᠢᠲᠡᠯᠡᠭᠰᠡᠨ ᠴᠠᠭ᠄
2024/8/31
   ᠬᠠᠮᠤᠭ ᠤᠨ ᠰᠢᠨ᠎ᠡ ᠲᠤᠭ᠎ᠠ ᠪᠦᠷᠢᠳᠭᠡᠯ ᠠᠴᠠ ᠦᠵᠡᠪᠡᠯ᠂ ᠣᠳᠣᠬᠠᠨ ᠳᠤ ᠪᠥᠬᠦ ᠤᠯᠤᠰ ᠤᠨ ᠭᠤᠤᠯ ᠭᠠᠷᠤᠯᠲᠠ ᠶᠢᠨ ᠣᠷᠣᠨ ᠤ ᠡᠯ᠎ᠡ ᠲᠥᠷᠥᠯ ᠤᠨ ᠠᠮᠤ ᠪᠤᠳᠠᠭᠠᠨ ᠤ ᠠᠵᠤ ᠠᠬᠤᠶᠢᠯᠠᠯ ᠤᠨ ᠬᠤᠳᠠᠯᠳᠤᠨ ᠠᠪᠤᠭᠰᠠᠨ ᠵᠣᠨ ᠤ ᠠᠮᠤ ᠪᠤᠳᠠᠭ᠎ᠠ ᠨᠡᠶᠢᠲᠡ 6000 ᠲᠦᠮᠡᠨ ᠲᠣᠨ ᠢ ᠳᠠᠪᠠᠵᠤ᠂ ᠣᠶᠢᠷ᠎ᠠ ᠶᠢᠨ ᠵᠢᠯ ᠤᠨ ᠨᠡᠯᠢᠶᠡᠳ ᠥᠨᠳᠥᠷ ᠲᠦᠪᠰᠢᠨ ᠳᠤ ᠬᠦᠷᠴᠠᠢ᠃   ᠤᠯᠤᠰ ᠤᠨ ᠠᠮᠤ ᠪᠤᠳᠠᠭ᠎ᠠ ᠪᠠ ᠡᠳ᠋ ᠪᠤᠳᠠᠰ ᠨᠥᠭᠡᠴᠡᠯᠡᠬᠦ ᠲᠣᠪᠴᠢᠶ᠎ᠠ ᠶᠢᠨ 28 ᠤ ᠣᠷᠣᠶ ᠨᠡᠶᠢᠲᠡᠯᠡᠭᠰᠡᠨ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠣᠲᠣ ᠪᠣᠯᠲᠠᠯ᠎ᠠ᠂ ᠪᠥᠬᠦ ᠤᠯᠤᠰ ᠤᠨ ᠭᠤᠤᠯ ᠭᠠᠷᠤᠯᠲᠠ ᠶᠢᠨ ᠣᠷᠣᠨ ᠤ ᠡᠯ᠎ᠡ ᠲᠥᠷᠥᠯ ᠤᠨ ᠠᠮᠤ ᠪᠤᠳᠠᠭᠠᠨ ᠤ ᠠᠵᠤ ᠠᠬᠤᠶᠢᠯᠠᠯ ᠤᠨ ᠬᠤᠳᠠᠯᠳᠤᠨ ᠠᠪᠤᠭᠰᠠᠨ ᠵᠣᠨ ᠤ ᠠᠮᠤ ᠪᠤᠳᠠᠭ᠎ᠠ ᠨᠡᠶᠢᠲᠡ 6000 ᠲᠦᠮᠡᠨ ᠲᠣᠨ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 400 ᠲᠦᠮᠡᠨ ᠲᠣᠨ ᠣᠷᠴᠢᠮ ᠨᠡᠮᠡᠭᠳᠡᠵᠦ᠂ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠨᠢ ᠣᠶᠢᠷ᠎ᠠ ᠶᠢᠨ ᠵᠢᠯ ᠤᠨ ᠲᠤᠷᠰᠢᠬᠢ ᠨᠡᠯᠢᠶᠡᠳ ᠥᠨᠳᠥᠷ ᠲᠦᠪᠰᠢᠨ ᠳᠤ ᠬᠦᠷᠴᠡᠶ᠃   ᠣᠳᠣᠬᠠᠨ ᠳᠤ᠂ ᠵᠣᠨ ᠤ ᠠᠮᠤ ᠪᠤᠳᠠᠭ᠎ᠠ ᠶᠢ ᠬᠤᠳᠠᠯᠳᠤᠨ ᠠᠪᠬᠤ ᠠᠵᠢᠯ ᠶᠡᠷᠦᠩᠬᠡᠶ ᠳᠡᠭᠡᠨ ᠤᠷᠤᠭᠰᠢᠲᠠᠶ ᠶᠠᠪᠤᠭᠳᠠᠵᠤ᠂ ᠾᠧᠨᠠᠨ᠂ ᠵᠢᠶᠠᠩᠰᠦ᠂ ᠠᠨᠾᠦ᠋ᠢ᠂ ᠬᠤᠪᠸᠢ ᠶᠢᠨ ᠪᠣᠭᠤᠳᠠᠶ ᠶᠢ ᠬᠤᠳᠠᠯᠳᠤᠨ ᠠᠪᠬᠤ ᠠᠵᠢᠯ ᠨᠢᠭᠡᠨᠲᠡ ᠰᠢᠪᠲᠤᠷᠠᠭᠠᠨ ᠳᠠᠭᠠᠨ ᠣᠷᠣᠵᠤ᠂ ᠾᠤᠪᠸᠢ᠂ ᠱᠠᠨᠳᠦ᠋ᠩ᠂ ᠱᠠᠨᠰᠢ᠂ ᠰᠢᠨᠵᠢᠶᠠᠩ ᠤᠨ ᠬᠤᠳᠠᠯᠳᠤᠨ ᠠᠪᠬᠤ ᠠᠵᠢᠯ 7 ᠠᠴᠠ 8 ᠬᠤᠪᠢ ᠶᠢᠨ ᠠᠬᠢᠴᠠ ᠳᠤ ᠬᠦᠷᠴᠡᠶ︔ ᠬᠤᠨᠠᠨ᠂ ᠵᠢᠶᠠᠩᠰᠢ ᠶᠢᠨ ᠡᠷᠲᠡ ᠶᠢᠨ ᠵᠥᠭᠡᠯᠡᠨ ᠲᠤᠲᠤᠷᠭ᠎ᠠ ᠶᠢ ᠬᠤᠳᠠᠯᠳᠤᠨ ᠠᠪᠬᠤ ᠠᠵᠢᠯ ᠦᠨᠳᠦᠰᠦᠨ ᠳᠡᠭᠡᠨ ᠳᠠᠭᠤᠰᠴᠠᠶ᠃ᠤᠯᠤᠰ ᠤᠨ ᠠᠮᠤ ᠪᠤᠳᠠᠭ᠎ᠠ ᠪᠠ ᠡᠳ᠋ ᠪᠤᠳᠠᠰ ᠨᠥᠭᠡᠴᠡᠯᠡᠬᠦ ᠲᠣᠪᠴᠢᠶ᠎ᠠ ᠵᠠᠬ᠎ᠠ ᠳᠡᠯᠭᠡᠭᠦᠷ ᠤᠨ ᠪᠠᠶᠢᠳᠠᠯ ᠢ ᠰᠤᠳᠤᠯᠤᠨ ᠮᠠᠭᠠᠳᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠤᠳᠠᠯᠳᠤᠨ ᠠᠪᠴᠤ ᠨᠥᠭᠡᠴᠡᠯᠡᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠬᠢᠨᠠᠮᠠᠭᠠᠶ ᠰᠠᠶᠢᠲᠤᠷ ᠠᠳᠬᠤᠵᠤ᠂ ᠵᠠᠬ᠎ᠠ ᠳᠡᠯᠭᠡᠭᠦᠷ ᠤᠨ ᠬᠢᠨᠠᠨ ᠬᠡᠮᠵᠢᠯᠲᠡ ᠪᠠ ᠰᠡᠷᠡᠮᠵᠢᠯᠡᠭᠦᠯᠦᠯ ᠢ ᠴᠢᠩᠭᠠᠳᠬᠠᠵᠤ᠂ ᠲᠠᠷᠢᠶᠠᠯᠠᠩ ᠳᠤ ᠦᠢᠯᠡᠴᠢᠯᠡᠬᠦ ᠶᠢ ᠦᠷᠭᠦᠯᠵᠢᠯᠡᠨ ᠰᠢᠯᠢᠳᠡᠭᠵᠢᠭᠦᠯᠵᠦ᠂ ᠵᠣᠨ ᠤ ᠠᠮᠤ ᠪᠤᠳᠠᠭ᠎ᠠ ᠶᠢ ᠬᠤᠳᠠᠯᠳᠤᠨ ᠠᠪᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 28 ᠤ ᠴᠠᠬᠢᠯᠭᠠᠨ ᠮᠡᠳᠡᠭᠡ︶
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号