ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠲᠥᠪ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2024/8/31
   ᠰᠦᠨ ᠱᠤᠤ ᠴᠧᠩ ᠬᠤᠷᠠᠯ ᠢ ᠡᠷᠬᠢᠯᠡᠵᠠᠢ   8 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠲᠥᠪ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃   ᠬᠤᠷᠠᠯ ᠠᠴᠠ᠂ 8 ᠰᠠᠷ᠎ᠠ ᠶᠢᠨ 23 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠵᠤ᠂ ᠤᠯᠤᠰ ᠤᠨ ᠬᠥᠭᠵᠢᠯᠲᠡ ᠶᠢᠨ ᠪᠥᠬᠦ ᠲᠠᠯ᠎ᠠ ᠳᠠᠬᠢ ᠥᠪᠥᠷ ᠮᠣᠩᠭᠤᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠵᠦᠪ ᠣᠨᠣᠪᠴᠢᠲᠠᠶ ᠡᠵᠡᠮᠳᠡᠵᠦ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠶᠡᠭᠡ ᠬᠠᠮᠠᠭᠠᠯᠠᠯᠲᠠ᠂ ᠶᠡᠭᠡ ᠨᠡᠭᠡᠭᠡᠯᠲᠡ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠷᠢᠰᠢᠯ ᠤᠨ ᠪᠦᠷᠢᠯᠳᠦᠬᠦ ᠶᠢ ᠲᠦᠷᠭᠡᠳᠭᠡᠨ ᠠᠬᠢᠭᠤᠯᠬᠤ ᠬᠡᠷᠡᠭᠲᠡᠶ᠃ ᠲᠥᠪ ᠤᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠰᠤᠳᠤᠯᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠲᠦᠷᠦ ᠶᠢᠨ ᠪᠤᠳᠤᠯᠭ᠎ᠠ ᠶᠢᠨ ᠠᠰᠢᠭ ᠢ ᠭᠦᠢᠴᠡᠳ ᠠᠭᠤᠳᠠᠯᠵᠤ᠂ ᠨᠠᠮ ᠤᠨ ᠲᠥᠪ ᠬᠤᠷᠢᠶ᠎ᠠ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠲᠤᠬᠠᠢ ᠰᠢᠢᠳᠪᠦᠷᠢᠲᠦ ᠪᠤᠳᠤᠯᠭ᠎ᠠ ᠶᠢ ᠨᠠᠶᠢᠳᠠᠪᠤᠷᠢᠵᠢᠭᠤᠯᠬᠤ ᠮᠠᠨ ᠤ ᠣᠷᠣᠨ ᠤ ᠡᠭᠦᠷᠭᠡ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠬᠤ ᠬᠡᠷᠡᠭᠲᠡᠢ᠃ ᠳᠠᠪᠠᠭᠤᠯᠢᠭ ᠠᠵᠤ ᠦᠢᠯᠡᠰ ᠤᠨ ᠬᠦᠷᠢᠶᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠤᠨᠳᠤᠤᠰᠢᠭᠤᠯᠬᠤ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠲᠣᠭᠲᠠᠴᠠ ᠶᠢᠨ ᠰᠢᠨ᠎ᠡ ᠶᠢ ᠡᠭᠦᠳᠦᠨ ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢᠨ ᠠᠷᠭ᠎ᠠ ᠪᠠ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠢᠶᠠᠷ ᠣᠨᠴᠠᠯᠢᠭᠲᠤ ᠠᠵᠤ ᠦᠢᠯᠡᠰ ᠤᠨ ᠬᠦᠴᠦᠷᠬᠡᠭᠵᠢᠨ ᠪᠤᠵᠠᠭᠠᠶᠢᠷᠠᠬᠤ ᠶᠢ ᠠᠬᠢᠭᠤᠯᠬᠤ ᠬᠡᠷᠡᠭᠲᠡᠢ᠃ ᠨᠦᠬᠡᠴᠡ ᠡᠨᠧᠷᠭᠢ ᠢᠢ ᠬᠥᠭᠵᠢᠭᠦᠯᠬᠦ ᠪᠠᠷ ᠭᠤᠣᠯᠳᠠᠯᠭ᠎ᠠ ᠪᠣᠯᠭᠠᠨ ᠴᠢᠩᠭ᠎ᠠ ᠠᠳᠬᠤᠨ ᠱᠠᠯᠠᠪᠳᠠᠨ ᠬᠢᠵᠦ᠂ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠰᠢᠰᠲ᠋ᠧᠮ ᠲᠠᠢ ᠰᠤᠳᠤᠯᠤᠨ ᠠᠬᠢᠭᠤᠯᠵᠤ᠂ ᠦᠢᠯᠡᠳᠪᠦᠷᠢᠯᠡᠬᠦ᠂ ᠨᠦᠬᠡᠴᠡᠯᠡᠬᠦ᠂ ᠲᠡᠭᠡᠭᠡᠪᠦᠷᠢᠯᠡᠬᠦ ᠵᠡᠷᠭᠡ ᠲᠠᠯ᠎ᠠ ᠶᠢᠨ ᠠᠰᠠᠭᠤᠳᠠᠯ ᠢ ᠨᠢᠭᠡᠳᠦᠯᠲᠡᠶ ᠲᠥᠯᠥᠪᠯᠡᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠪᠴᠠᠩ ᠢ ᠰᠠᠶᠢᠲᠤᠷ ᠠᠰᠢᠭᠯᠠᠵᠤ᠂ ᠪᠡᠭᠡᠵᠢᠩ ᠯᠦᠭᠡ ᠶᠢᠨ ᠪᠥᠬᠦ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠣᠶᠤᠨ ᠲᠠᠷᠢᠬᠢ ᠪᠠᠨ ᠰᠢᠪᠬᠠᠵᠤ ᠬᠤᠳᠠᠯᠳᠤᠭᠠᠨ ᠤ ᠠᠵᠠ ᠲᠣᠬᠢᠶᠠᠯ ᠪᠠ ᠬᠠᠮᠲᠤᠷᠠᠯᠴᠠᠭᠠᠨ ᠤ ᠨᠡᠶᠢᠴᠡᠬᠦ ᠴᠡᠭ ᠢ ᠭᠦᠨᠵᠡᠭᠡᠶ ᠠᠭᠤᠳᠠᠯᠵᠤ᠂ ᠬᠦᠴᠦᠨ ᠢ ᠨᠢ ᠠᠰᠢᠭᠯᠠᠨ ᠮᠠᠨ ᠤ ᠣᠷᠣᠨ ᠤ ᠨᠡᠭᠡᠭᠡᠯᠲᠡ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃   ᠬᠤᠷᠠᠯ ᠠᠴᠠ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠵᠢᠷᠭᠤᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠰᠢᠭᠤᠷᠬᠠᠢ ᠪᠠᠷ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠲᠡᠭᠡᠷ᠎ᠡ ᠱᠠᠲᠤᠨ ᠤ ᠬᠢᠨ ᠲᠠᠢ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠵᠤ᠂ ᠲᠥᠪ ᠤᠨ ᠬᠤᠯᠪᠣᠭᠳᠠᠯ ᠪᠦᠬᠦᠢ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠡᠭᠦᠷᠭᠡ ᠶᠢ ᠮᠠᠨ ᠤ ᠣᠷᠣᠨ ᠳᠤ ᠨᠠᠶᠢᠳᠠᠪᠤᠷᠢᠵᠢᠭᠤᠯᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠬᠤ ᠬᠡᠷᠡᠭᠳᠡᠢ᠃ ᠥᠭᠡᠷᠡᠴᠢᠯᠡᠯᠲᠡ ᠶᠢ ᠠᠬᠢᠭᠤᠯᠤᠨ ᠨᠠᠶᠢᠳᠠᠪᠤᠷᠢᠵᠢᠭᠤᠯᠬᠤ ᠲᠣᠭᠲᠠᠴᠠ ᠶᠢ ᠰᠢᠯᠢᠳᠡᠭᠵᠢᠭᠦᠯᠵᠦ᠂ ᠥᠭᠡᠷᠡᠴᠢᠯᠡᠯᠲᠡ ᠶᠢ ᠱᠠᠯᠠᠪᠳᠠᠨ ᠪᠠᠶᠢᠴᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠥᠭᠡᠷᠡᠴᠢᠯᠡᠯᠲᠡ ᠶᠢᠨ ᠡᠭᠦᠷᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠪᠥᠬᠦ ᠬᠦᠴᠦᠨ ᠢᠶᠠᠷ ᠰᠠᠶᠢᠲᠤᠷ ᠠᠳᠬᠤᠬᠤ ᠬᠡᠷᠡᠭᠳᠡᠢ᠃ ︽ᠨᠢᠭᠡᠳᠦᠯᠲᠡᠢ ᠲᠥᠯᠥᠪᠯᠡᠬᠦ︾ ᠭᠡᠬᠦ ᠡᠨᠡ ᠬᠦ ᠴᠢᠬᠤᠯᠠ ᠠᠷᠭ᠎ᠠ ᠶᠢ ᠰᠠᠶᠢᠲᠤᠷ ᠬᠡᠷᠡᠭᠯᠡᠵᠦ᠂ ᠴᠢᠬᠤᠯᠠ ᠶᠡᠭᠡ ᠥᠭᠡᠷᠡᠴᠢᠯᠡᠯᠲᠡ ᠶᠢᠨ ᠠᠰᠠᠭᠤᠳᠠᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠡᠭᠦᠷᠭᠡ ᠶᠢ ᠲᠥᠪᠯᠡᠷᠡᠭᠦᠯᠬᠦ᠂ ᠬᠠᠷᠢᠭᠤᠴᠠᠯᠭ᠎ᠠ ᠶᠢ ᠬᠤᠯᠪᠣᠭᠳᠠᠭᠤᠯᠬᠤ᠂ ᠬᠠᠨᠳᠤᠰᠢ ᠶᠢ ᠨᠢᠭᠡᠳᠭᠡᠬᠦ᠂ ᠠᠶᠤᠯ ᠲᠦᠭᠰᠢᠭᠦᠷᠢ ᠶᠢ ᠬᠠᠮᠲᠤ ᠪᠠᠷ ᠰᠡᠷᠭᠡᠶᠢᠯᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃   ᠬᠤᠷᠠᠯ ᠠᠴᠠ ︽ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ︾ ᠪᠣᠯᠤᠨ 2024 ᠣᠨ ᠤ ᠭᠤᠷᠪᠠᠳᠤᠭᠠᠷ ᠤᠯᠠᠷᠢᠯ ᠤᠨ ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠶ ᠠᠵᠢᠯ ᠤᠨ ᠲᠣᠭᠲᠠᠴᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ᠴᠢᠩᠭ᠎ᠠ ᠱᠠᠭᠠᠷᠳᠠᠯᠭ᠎ᠠ ᠪᠠᠷ ᠰᠤᠷᠤᠯᠴᠠᠨ ᠲᠤᠭᠤᠰᠢᠯᠠᠭᠤᠯᠬᠤ ᠶᠢ ᠰᠠᠶᠢᠲᠤᠷ ᠠᠳᠬᠤᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠤᠯᠠᠷᠠᠭᠤᠯᠤᠯ ᠥᠬᠡᠶ ᠴᠢᠩᠭ᠎ᠠ ᠠᠳᠬᠤᠵᠤ᠂ ᠨᠢᠭᠡ ᠠᠴᠠ ᠨᠥᠭᠦᠭᠡ ᠶᠢ ᠵᠦᠢᠴᠢᠯᠡᠨ ᠲᠦᠷᠢᠮ ᠲᠣᠭᠲᠠᠭᠠᠯ ᠲᠣᠭᠲᠠᠭᠠᠬᠤ ᠶᠢ ᠴᠢᠩᠭᠠᠳᠬᠠᠵᠤ᠂ ᠬᠡᠯᠪᠡᠷᠢ ᠶᠢᠨ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠶ᠃ ᠳᠡᠭᠡᠳᠦ ᠱᠠᠲᠤ ᠨᠢ ᠳᠤᠤᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠬᠤ ᠳᠤ ᠦᠨᠡᠨ ᠠᠴᠠ ᠵᠥᠪ ᠢ ᠡᠷᠢᠵᠦ᠂ ᠬᠡᠷᠡᠭᠵᠢᠭᠦᠯᠬᠦ ᠳᠤ ᠲᠥᠬᠦᠮ ᠪᠠᠶᠢᠯᠭᠠᠵᠤ᠂ ᠱᠠᠯᠠᠪᠳᠠᠨ ᠪᠠᠶᠢᠴᠠᠭᠠᠬᠤ ᠳᠤ ᠦᠷ᠎ᠡ ᠳ᠋ᠦᠩ ᠢ ᠢᠯᠡᠭᠦᠦ ᠦᠵᠡᠵᠦ᠂ ᠶᠠᠪᠤᠴᠠ ᠶᠢ ᠳᠤᠲᠠᠭᠤ ᠦᠵᠡᠵᠦ᠂ ᠦᠨᠳᠦᠰᠦᠨ ᠱᠠᠲᠤᠨ ᠤ ᠨᠠᠶᠢᠳᠠᠪᠤᠷᠢᠵᠢᠭᠤᠯᠤᠯᠲᠠ ᠶᠢ ᠠᠳᠬᠤᠬᠤ ᠳᠤ ᠭᠦᠢᠴᠡᠳ ᠣᠷᠣᠨ ᠵᠠᠶ ᠦᠯᠡᠳᠡᠭᠡᠵᠦ᠂ ᠦᠨᠳᠦᠰᠦᠨ ᠱᠠᠲᠤᠨ ᠤ ᠠᠵᠢᠯᠯᠠᠭᠴᠢᠳ ᠤᠨ ᠪᠡᠶᠡᠴᠢ ᠴᠢᠳᠠᠮᠠᠭᠠᠶ ᠴᠢᠨᠠᠷ ᠢ ᠨᠠᠩ ᠰᠠᠶᠢᠲᠤᠷ ᠳᠠᠶᠢᠴᠢᠯᠠᠬᠤ ᠬᠡᠷᠡᠭᠲᠡᠶ᠃ ᠦᠨᠳᠦᠰᠦᠨ ᠱᠠᠲᠤ ᠶᠢ ᠵᠢᠯᠣᠭᠤᠳᠤᠨ ᠣᠯᠠᠨ ᠲᠦᠮᠡᠨ ᠳᠤ ᠦᠢᠯᠡᠴᠢᠯᠡᠬᠦ ᠬᠦᠴᠦᠯᠡᠬᠦ ᠴᠡᠭ ᠢ ᠣᠨᠣᠪᠴᠢᠲᠠᠶ ᠡᠷᠢᠵᠦ᠂ ᠱᠠᠭᠠᠷᠳᠠᠯᠭ᠎ᠠ ᠪᠠᠶᠢᠪᠠᠯ ᠵᠠᠪᠠᠯ ᠬᠠᠩᠭᠠᠵᠤ᠂ ᠤᠴᠢᠷ ᠥᠬᠡᠶ ᠪᠣᠯ ᠬᠠᠷᠰᠢᠯᠠᠬᠤ ᠥᠬᠡᠶ ᠪᠠᠶᠢᠵᠤ᠂ ᠵᠠᠰᠠᠭ ᠵᠠᠬᠢᠷᠭᠠᠨ ᠤ ᠦᠢᠯᠡᠳᠦᠯ ᠴᠢᠳᠠᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠳᠡᠢ ᠭᠡᠵᠦ ᠴᠢᠬᠤᠯᠠᠴᠢᠯᠠᠪᠠ᠃   ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号