ᠬᠤᠷᠴᠢᠨ ᠠᠷᠠᠳ ᠤᠨ ᠵᠠᠩ ᠦᠢᠯᠡ ᠲᠡᠦᠬᠡ ᠰᠣᠶᠣᠯ ᠤᠨ ᠬᠦᠷᠢᠶᠡᠯᠡᠩ ᠨᠢ ᠬᠤᠷᠴᠢᠨ ᠵᠡᠭᠦᠨ ᠭᠠᠷᠤᠨ | ᠬᠤᠶᠢᠲᠤ ᠬᠤᠰᠢᠭᠤᠨ ᠤ ᠵᠢᠷᠭᠠᠯᠠᠩ ᠪᠠᠯᠭᠠᠰᠤᠨ ᠳᠤ ᠪᠠᠶᠢᠷᠢᠰᠢᠵᠤ᠂ ᠵᠠᠰᠠᠭ ᠤᠨ ᠣᠷᠳᠣᠨ ᠤ ᠰᠠᠭᠤᠭ᠎ᠠ ᠭᠠᠵᠠᠷ | ᠭᠠᠨᠵᠤᠭ᠎ᠠ ᠪᠠᠯᠭᠠᠰᠤ ᠠᠴᠠ 56 ᠺᠢᠯᠤᠮᠧᠲᠷ ᠵᠠᠶᠢᠲᠠᠢ ᠪᠠᠶᠢᠵᠤ᠂ ᠤᠤᠯ ᠤᠨ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠸᠠᠩ ᠤᠨ ᠣᠷᠳᠣᠨ ᠤ ᠰᠠᠭᠤᠷᠢᠨ ᠳᠡᠭᠡᠷ᠎ᠡ ᠵᠠᠰᠠᠨ ᠰᠡᠯᠪᠢᠵᠦ ᠪᠠᠶᠢᠭᠤᠯᠤᠭᠰᠠᠨ ᠪᠠᠶᠢᠨ᠎ᠠ᠃ ᠸᠠᠩ ᠤᠨ | ᠣᠷᠳᠣᠨ ᠢ ᠲᠡᠭᠷᠢ ᠲᠡᠳᠬᠦᠭᠴᠢ ᠶᠢᠨ ᠭᠤᠷᠪᠠᠳᠤᠭᠠᠷ ᠣᠨ ︵1738 ᠣᠨ︶ ᠳᠤ ᠡᠬᠢᠯᠡᠨ ᠪᠠᠶᠢᠭᠤᠯᠵᠤ᠂ ᠡᠨᠡ | ᠬᠤᠭᠤᠴᠠᠭᠠᠨ ᠳᠤ ᠣᠯᠠᠨ ᠤᠳᠠᠭ᠎ᠠ ᠥᠷᠭᠡᠳᠬᠡᠨ ᠪᠠᠶᠢᠭᠤᠯᠵᠤ᠂ ᠴᠢᠩ ᠤᠯᠤᠰ ᠤᠨ ᠰᠡᠭᠦᠯᠴᠢ ᠪᠠ ᠢᠷᠭᠡᠨ | ᠤᠯᠤᠰ ᠤᠨ ᠰᠡᠭᠦᠯᠴᠢ ᠶᠢᠨ ᠦᠶ᠎ᠡ ᠳᠤ ᠳᠠᠶᠢᠨ ᠳᠠᠵᠢᠨ ᠪᠠ ᠤᠳᠠᠭᠠᠨ ᠵᠢᠯ ᠵᠠᠰᠠᠭᠰᠠᠨ ᠦᠭᠡᠢ ᠵᠡᠷᠭᠡ | ᠰᠢᠯᠲᠠᠭᠠᠨ ᠠᠴᠠ ᠪᠣᠯᠵᠤ᠂ ᠸᠠᠩ ᠤᠨ ᠣᠷᠳᠣᠨ ᠤ ᠪᠠᠷᠢᠯᠭ᠎ᠠ ᠬᠦᠨᠳᠦ ᠨᠣᠴᠢᠲᠠᠢ ᠨᠤᠷᠠᠵᠤ᠂ ᠳᠡᠭᠡᠷ᠎ᠡ ᠵᠠᠭᠤᠨ ᠤ | ᠳᠠᠯᠠᠭᠠᠳ ᠣᠨ ᠠᠴᠠ ᠰᠡᠭᠦᠯᠡᠷ ᠬᠤᠶᠠᠷᠬᠠᠨ ᠰᠠᠭᠤᠷᠢ ᠬᠠᠷᠰᠢ ᠲᠠᠢ ᠪᠣᠯᠵᠠᠢ᠃ 2003 ᠣᠨ ᠳᠤ ᠨᠢᠭᠡ | ᠤᠳᠠᠭᠠᠨ ᠤ ᠠᠪᠤᠷᠠᠯᠳᠠ ᠶᠢᠨ ᠴᠢᠨᠠᠷᠲᠠᠢ ᠪᠠᠬᠢᠯᠡᠨ ᠵᠠᠰᠠᠬᠤ ᠠᠵᠢᠯ ᠬᠢᠵᠦ᠂ 2006 ᠣᠨ ᠳᠤ ᠲᠥᠷᠥ ᠶᠢᠨ | ᠶᠠᠪᠤᠳᠠᠯ ᠤᠨ ᠬᠤᠷᠢᠶᠠᠨ ᠠᠴᠠ ᠦᠯᠡᠳᠡᠭᠰᠡᠨ 2 ᠪᠠᠷᠢᠯᠭ᠎ᠠ ᠶᠢ ᠵᠢᠷᠭᠤᠳᠤᠭᠠᠷ ᠪᠦᠯᠦᠭ ᠤᠨ ᠪᠦᠬᠦ ᠤᠯᠤᠰ ᠤᠨ | ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠳᠤ ᠣᠷᠣᠭᠤᠯᠤᠭᠰᠠᠨ | ᠪᠥᠭᠡᠳ ᠰᠡᠩᠭᠡᠷᠢᠨᠴᠢᠨ ᠸᠠᠩ ᠤᠨ ᠣᠷᠳᠣᠨ ᠭᠡᠵᠦ ᠨᠡᠷᠡᠶᠢᠳᠴᠡᠢ᠃ ᠸᠠᠩ ᠤᠨ ᠣᠷᠳᠣᠨ ᠤ ᠲᠠᠯᠠᠪᠠᠶ ᠨᠢ 4 ᠲᠦᠮᠡᠨ | ᠲᠡᠭᠰᠢ ᠳᠥᠷᠪᠡᠯᠵᠢᠨ ᠮᠧᠳ᠋ᠷ᠂ ᠪᠠᠷᠢᠯᠭ᠎ᠠ ᠶᠢᠨ ᠲᠠᠯᠠᠪᠠᠶ ᠨᠢ 11788 ᠲᠡᠭᠰᠢ ᠳᠥᠷᠪᠡᠯᠵᠢᠨ ᠮᠧᠳ᠋ᠷ ᠪᠤᠯᠤᠨ᠎ᠠ᠃ | ᠪᠠᠷᠢᠯᠭ᠎ᠠ ᠶᠢ ᠳᠤᠮᠳᠠ᠂ ᠵᠡᠭᠦᠨ᠂ ᠪᠠᠷᠠᠭᠤᠨ ᠭᠤᠷᠪᠠᠨ ᠵᠠᠮ ᠬᠤᠪᠢᠶᠠᠵᠤ᠂ ᠨᠡᠶᠢᠲᠡ 85 ᠰᠠᠭᠤᠷᠢ ᠬᠠᠷᠰᠢ᠂ 375 | ᠲᠠᠰᠤᠯᠭ᠎ᠠ ᠪᠠᠶᠢᠳᠠᠭ᠃ ᠡᠭᠦᠨ ᠳᠤ ᠡᠯ᠎ᠡ ᠲᠥᠷᠥᠯ ᠤᠨ ᠲᠡᠦᠬᠡ ᠶᠢᠨ ᠳᠤᠷᠠᠰᠬᠠᠯᠲᠤ ᠵᠦᠢᠯ ᠨᠡᠶᠢᠲᠡ 349 ᠵᠦᠢᠯ ︵ | ᠢᠵᠢ ᠳᠤᠭᠤᠶᠢᠯᠠᠩ︶ ᠪᠠᠶᠢᠵᠤ᠂ ᠨᠡᠶᠢᠲᠡ 845 ᠵᠦᠢᠯ ᠪᠠᠶᠢᠵᠤ᠂ ᠰᠢᠶᠠ ᠵᠢᠶᠠ ᠳ᠋ᠢᠶᠠᠨ ᠤ ᠰᠣᠶᠣᠯ ᠠᠴᠠ ᠨᠡᠶᠢᠭᠡᠮ | ᠵᠢᠷᠤᠮ ᠤᠨ ᠪᠦᠲᠦᠭᠡᠨ ᠪᠠᠶᠢᠭᠤᠯᠤᠯᠲᠠ ᠬᠦᠷᠲᠡᠯᠡᠬᠢ ᠴᠠᠭ ᠦᠶ᠎ᠡ ᠶᠢ ᠬᠠᠮᠤᠷᠴᠤ᠂ ᠲᠡᠦᠬᠡ ᠶᠢᠨ ᠳᠤᠷᠠᠰᠬᠠᠯᠲᠤ | ᠵᠦᠢᠯ ᠤᠨ ᠲᠥᠷᠥᠯ ᠵᠦᠢᠯ ᠣᠯᠠᠨ ᠶᠠᠩᠵᠤ ᠶᠢᠨ ᠪᠠᠶᠢᠳᠠᠭ᠂ ᠡᠭᠦᠨ ᠳᠤ ᠸᠠᠭᠠᠷ᠂ ᠱᠠᠭᠠᠵᠠᠩ᠂ ᠠᠯᠲᠠ ᠮᠥᠩᠭᠦᠨ | ᠡᠳ᠋ᠯᠡᠯ᠂ ᠵᠡᠰ ᠡᠳ᠋ᠯᠡᠯ᠂ ᠴᠠᠭᠠᠰᠤ᠂ ᠬᠤᠷᠴᠢᠨ ᠦᠨᠳᠦᠰᠦᠲᠡᠨ ᠤ ᠰᠣᠶᠣᠯ ᠤᠨ ᠲᠥᠷᠥᠯ ᠵᠡᠷᠭᠡ ᠪᠣᠶ᠃ ᠸᠠᠩ ᠤᠨ | ᠣᠷᠳᠣᠨ ᠤ ᠳᠡᠯᠭᠡᠨ ᠦᠵᠡᠭᠦᠯᠦᠯᠭᠡ ᠨᠢ ᠰᠡᠷᠭᠦᠭᠡᠨ ᠳᠡᠯᠭᠡᠨ ᠦᠵᠡᠭᠦᠯᠬᠦ᠂ ᠰᠡᠩᠭᠡᠷᠢᠨᠴᠢᠨ ᠸᠠᠩ ᠤᠨ ᠨᠢᠭᠡ ᠨᠠᠰᠤ ᠶᠢ | ᠳᠡᠯᠭᠡᠨ ᠦᠵᠡᠭᠦᠯᠬᠦ᠂ ᠠᠷᠠᠳ ᠤᠨ ᠵᠠᠩ ᠦᠢᠯᠡ ᠶᠢ ᠳᠡᠯᠭᠡᠨ ᠦᠵᠡᠭᠦᠯᠬᠦ ᠭᠡᠵᠦ ᠭᠤᠷᠪᠠᠨ ᠲᠣᠮᠣ ᠬᠡᠰᠡᠭ ᠲᠤ | ᠬᠤᠪᠢᠶᠠᠳᠠᠭ᠃ |