ᠴᠦᠩᠬᠦᠯ ᠤᠨ ᠭᠤᠤ ᠶᠢᠨ ᠵᠤᠭᠠᠴᠠᠯ ᠤᠨ ᠦᠵᠡᠮᠵᠢ ᠶᠢᠨ ᠣᠷᠣᠨ ᠨᠢ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠪᠠᠷᠠᠭᠤᠨ ᠡᠮᠦᠨ᠎ᠡ ᠪᠡᠶ᠎ᠡ ᠳᠤ ᠪᠠᠶᠢᠷᠢᠯᠠᠵᠤ᠂ ᠶᠡᠷᠦᠩᠬᠡᠢ ᠲᠠᠯᠠᠪᠠᠢ ᠨᠢ 12.75 ᠲᠦᠮᠡᠨ ᠮᠦ᠂ | ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯᠬᠤ ᠪᠥᠭᠡᠳ ᠤᠯᠤᠰ ᠤᠨ AAA ᠲᠡᠰ ᠤᠨ | ᠵᠤᠭᠠᠴᠠᠯ ᠤᠨ ᠦᠵᠡᠮᠵᠢ ᠶᠢᠨ ᠣᠷᠣᠨ ᠪᠣᠯᠣᠨ᠎ᠠ᠃ ᠴᠦᠩᠬᠦᠯ ᠤᠨ ᠭᠤᠣ ᠪᠣᠯ ᠳᠡᠯᠡᠬᠡᠢ ᠶᠢᠨ ᠪᠥᠮᠪᠥᠷᠴᠡᠭ ᠤᠨ | ᠢᠵᠢᠯᠢ ᠥᠷᠭᠡᠷᠢᠭ ᠤᠨ ᠡᠯᠡᠰᠦᠨ ᠴᠥᠯ ᠤᠨ ᠣᠷᠣᠨ ᠤ ᠴᠣᠷ ᠤᠨ ᠭᠠᠭᠴᠠ ᠦᠯᠡᠳᠡᠵᠦ ᠬᠤᠴᠣᠷᠤᠭᠰᠠᠨ ᠡᠯᠡᠰᠦᠨ | ᠴᠥᠯ ᠤᠨ ᠪᠠᠯᠠᠷ ᠣᠶ ᠪᠠᠶᠢᠵᠤ᠂ ᠭᠠᠵᠠᠷ ᠤᠨ ᠨᠢᠭᠤᠷ ᠨᠢ ᠥᠨᠳᠥᠷ ᠪᠣᠭᠤᠨᠢ ᠲᠡᠭᠰᠢ ᠪᠤᠰᠤ ᠡᠯᠡᠰᠦᠨ ᠳᠣᠪᠣᠴᠠᠭ ᠤᠨ | ᠬᠡᠭᠡᠷ᠎ᠡ ᠲᠠᠯ᠎ᠠ ᠶᠢᠨ ᠭᠠᠵᠠᠷ ᠤᠨ ᠲᠥᠷᠬᠦ ᠶᠢ ᠢᠯᠡᠷᠡᠭᠦᠯᠵᠦ᠂ ᠴᠦᠩᠬᠦᠯ ᠤᠨ ᠭᠤᠣ ᠪᠠ ᠪᠠᠭ᠎ᠠ ᠴᠦᠩᠬᠦᠯ ᠤᠨ ᠭᠤᠣ | ᠬᠤᠶᠠᠷ ᠶᠡᠭᠡ ᠭᠤᠣ ᠭᠠᠩᠭ᠎ᠠ ᠲᠠᠢ ᠪᠠᠶᠢᠵᠤ᠂ ︽ᠡᠯᠡᠰᠦᠨ ᠴᠥᠯ ᠤᠨ ᠲᠠᠷᠬᠠᠨ ᠭᠤᠤ᠂ ᠤᠮᠠᠷᠠᠲᠤ ᠶᠢᠨ ᠪᠣᠷᠣᠭᠠᠨᠲᠤ | ᠣᠶ︾ ᠭᠡᠰᠡᠨ ᠰᠠᠶᠢᠬᠠᠨ ᠠᠯᠳᠠᠷᠲᠠᠢ ᠪᠠᠶᠢᠳᠠᠭ᠂ ᠲᠡᠭᠦᠨ ᠤ ᠬᠠᠴᠢᠨ ᠭᠠᠶᠢᠬᠠᠯᠲᠠᠢ ᠭᠠᠵᠠᠷ ᠤᠨ ᠲᠥᠷᠬᠦ ᠨᠢ ᠪᠠᠰᠠ ︽ | ᠳᠤᠮᠳᠠᠳᠤ ᠤᠯᠤᠰ ᠤᠨ ᠬᠠᠮᠤᠭ ᠤᠨ ᠰᠠᠶᠢᠬᠠᠨ ᠭᠠᠵᠠᠷ ᠤᠨ ᠠᠩ ᠵᠠᠪᠰᠡᠷ︾ ᠭᠡᠵᠦ ᠠᠯᠳᠠᠷᠰᠢᠭᠰᠠᠨ ᠶᠤᠮ᠃ ᠪᠠᠯᠠᠷ | ᠣᠶ ᠶᠢᠨ ᠬᠤᠭᠤᠷᠣᠨᠳᠣᠬᠢ ᠵᠥᠷᠢᠭ ᠵᠠᠮ ᠢᠶᠠᠷ ᠠᠯᠬᠤᠯᠠᠵᠤ᠂ ᠨᠣᠮᠢᠨ ᠨᠣᠭᠤᠭᠠᠨ ᠣᠶ ᠰᠢᠭᠤᠢ ᠳᠤ ᠰᠣᠭᠲᠣᠭᠤᠷᠠᠵᠤ᠂ | ᠡᠬᠡ ᠪᠠᠶᠢᠭᠠᠯᠢ ᠶᠢᠨ ᠷᠢᠳᠢ ᠰᠢᠳᠢ ᠪᠠ ᠨᠠᠮ ᠵᠢᠮ ᠢ ᠮᠡᠳᠡᠷᠡᠨ᠎ᠡ᠃ ᠪᠠᠰᠠ ᠰᠠᠯ ᠵᠠᠪᠢ ᠪᠠᠷ ᠭᠤᠷᠪᠠᠨ ᠰᠠᠯᠠᠭ᠎ᠠ | ᠵᠠᠮ ᠤᠨ ᠠᠭᠤᠯᠵᠠᠷ ᠤᠨ ᠭᠤᠷᠤᠬ᠎ᠠ ᠶᠢᠨ ᠳᠡᠭᠡᠭᠦᠷ ᠲᠠᠶᠢᠪᠤᠭᠤᠬᠠᠨ ᠬᠥᠪᠪᠦᠵᠦ ᠪᠣᠯᠣᠨ᠎ᠠ᠂ ᠪᠠᠰᠠ ᠡᠷᠳᠡᠨᠢ ᠶᠢᠨ | ᠴᠢᠯᠠᠭᠤ ᠮᠡᠲᠦ ᠨᠣᠮᠢᠨ ᠨᠣᠭᠤᠭᠠᠨ ᠵᠢᠵᠢᠭ ᠨᠠᠭᠤᠷ ᠲᠤ ᠣᠩᠭᠤᠴᠠ ᠰᠡᠯᠢᠵᠦ᠂ ᠪᠡᠶ᠎ᠡ ᠰᠡᠳᠬᠢᠯ ᠢᠶᠠᠨ ᠪᠥᠬᠦ | ᠲᠠᠯ᠎ᠠ ᠪᠠᠷ ᠠᠮᠠᠷᠠᠭᠤᠯᠵᠤ ᠪᠣᠯᠪᠠᠰᠤᠷᠠᠭᠤᠯᠤᠨ᠎ᠠ᠃ ᠬᠠᠶ᠋ᠢᠭ᠄ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠭᠠᠨᠵᠤᠭ᠎ᠠ ᠪᠠᠯᠭᠠᠰᠤᠨ ᠤ ᠪᠠᠷᠠᠭᠤᠨ ᠡᠮᠦᠨ᠎ᠡ 25 ᠺᠢᠯᠣᠮᠧᠳ᠋ᠷ ᠣᠷᠴᠢᠮ ᠨᠠᠶᠢᠷ ᠨᠠᠭᠠᠳᠤᠮ ᠤᠨ ᠵᠦᠢᠯ᠄ ᠭᠤᠷᠪᠠᠨ | ᠰᠠᠯᠠᠭ᠎ᠠ ᠵᠠᠮ ᠤᠨ ᠠᠭᠤᠯᠵᠠᠷ ᠬᠥᠪᠪᠥᠯᠲᠡ᠂ ᠪᠠᠭ᠎ᠠ ᠴᠦᠩᠬᠦᠯ ᠨᠠᠭᠤᠷ ᠤᠨ ᠵᠤᠭᠠᠴᠠᠯ ᠤᠨ ᠣᠩᠭᠤᠴᠠ᠂ ᠲᠦᠳᠡᠭ | ᠭᠠᠯ ᠤᠨ ᠦᠳᠡᠰᠢᠯᠡᠭᠡ᠂ ᠡᠯᠡᠰᠦᠨ ᠭᠠᠵᠠᠷ ᠤᠨ ᠨᠠᠶᠢᠷ ᠨᠠᠭᠠᠳᠤᠮ ᠤᠨ ᠲᠠᠯᠠᠪᠤᠷ᠂ ᠮᠣᠷᠢ ᠤᠨᠤᠬᠤ᠂ ᠡᠪᠡᠰᠦᠨ᠎ᠡ | ᠭᠤᠯᠭᠤᠬᠤ ᠵᠡᠷᠭᠡ ᠥᠪᠡᠷᠮᠢᠴᠡ ᠣᠨᠴᠠᠯᠢᠭ ᠲᠠᠢ ᠢᠳᠡᠭᠡᠨ ᠤᠮᠳᠠᠭᠠᠨ᠄ ᠰᠢᠷᠠᠭᠰᠠᠨ ᠪᠦᠬᠦᠯᠢ ᠬᠤᠨᠢ᠂ ᠪᠦᠬᠦᠯᠢ | ᠮᠢᠬ᠎ᠠ᠂ ᠥᠨᠳᠡᠭᠡ ᠲᠠᠢ ᠬᠠᠭᠤᠷᠤᠭᠰᠠᠨ ᠬᠡᠭᠡᠷ᠎ᠡ ᠶᠢᠨ ᠭᠤᠭᠤᠳ ᠵᠡᠷᠭᠡ ᠣᠨᠴᠠᠯᠢᠭᠲᠤ ᠬᠤᠨᠤᠭ ᠪᠠᠭᠤᠳᠠᠯ᠄ ᠮᠣᠩᠭᠤᠯ | ᠭᠡᠷ᠂ ᠪᠠᠷᠢᠮᠵᠢᠶᠠᠵᠢᠭᠰᠠᠨ ᠵᠣᠴᠢᠳ ᠤᠨ ᠪᠠᠭᠤᠳᠠᠯ ᠴᠡᠴᠡᠷᠯᠢᠭ ᠨᠡᠭᠡᠬᠡᠬᠦ ᠴᠠᠭ᠄ 5 ᠳ᠋ᠤᠭᠠᠷ ᠰᠠᠷ᠎ᠠ ᠶᠢᠨ ᠳᠤᠮᠳᠠᠴᠢ | — 10 ᠳ᠋ᠤᠭᠠᠷ ᠰᠠᠷ᠎ᠠ ᠶᠢᠨ ᠳᠤᠮᠳᠠᠴᠢ ᠡᠭᠦᠳᠡᠨ ᠪᠢᠯᠧᠲ ᠤᠨ ᠦᠨ᠎ᠡ᠄ 50 ᠲᠥᠭᠦᠷᠢᠭ \ ᠬᠥᠮᠥᠨ᠂ 10 | ᠲᠥᠭᠦᠷᠢᠭ \ ᠲᠡᠷᠭᠡ | |