ᠡᠭᠡᠴᠦᠦᠯ ᠤᠨ ᠰᠣᠷᠭᠠᠨ ᠬᠦᠮᠦᠵᠢᠯ ᠤᠨ ᠦᠢᠯᠡᠰ ᠲᠤ ᠦᠵᠡᠭᠦᠯᠬᠦ ᠭᠠᠪᠢᠶ᠎ᠠ ᠵᠢᠳᠭᠦᠯ
ᠨᠡᠶᠢᠲᠡᠯᠡᠭᠰᠡᠨ ᠴᠠᠭ᠄
2024/8/5
    ᠡᠬᠡᠴᠣᠣᠯ ᠤᠨ ᠰᠣᠷᠭᠠᠨ ᠬᠦᠮᠦᠵᠢᠯ ᠤᠨ ᠦᠢᠯᠡᠰ ᠲᠤ ᠦᠵᠡᠭᠦᠯᠬᠦ ᠭᠠᠪᠢᠶ᠎ᠠ ᠵᠢᠳᠭᠦᠯ ᠰᠠᠶᠢᠠᠠᠦ᠋ᠯᠵᠡᠢ ᠨᠢᠭᠡ ᠬᠦᠮᠦᠨ ᠤ ᠦᠰᠦᠨ ᠪᠤᠶᠢᠵᠢᠬᠤ ᠶᠠᠪᠤᠴᠠ ᠪᠤᠯ ᠲᠡᠰᠣᠷᠠᠯᠳᠠ ᠦᠭᠡᠢ ᠰᠣᠷᠭᠠᠨ ᠬᠦᠮᠦᠵᠢᠯ ᠬᠦᠷᠳᠡᠬᠦ ᠶᠠᠪᠤᠴᠠ ᠮᠦᠨ᠃ ᠰᠣᠷᠭᠠᠨ ᠬᠦᠮᠦᠵᠢᠯ ᠢ ᠭᠡᠷ ᠪᠦᠯᠢ ᠶᠢᠨ ᠰᠣᠷᠭᠠᠨ ᠬᠦᠮᠦᠵᠢᠯ᠂ ᠰᠣᠷᠭᠠᠭᠤᠯᠢ ᠶᠢᠨ ᠰᠣᠷᠭᠠᠨ ᠬᠦᠮᠦᠵᠢᠯ᠂ ᠨᠡᠶᠢᠭᠡᠮ ᠤᠨ ᠰᠣᠷᠭᠠᠨ ᠬᠦᠮᠦᠵᠢᠯ ᠭᠡᠵᠦ ᠭᠤᠷᠪᠠᠨ ᠱᠠᠳᠣ ᠬᠤᠪᠢᠶᠠᠳᠠᠭ᠃ ᠭᠡᠷ ᠪᠦᠯᠢ ᠶᠢᠨ ᠰᠣᠷᠭᠠᠨ ᠬᠦᠮᠦᠵᠢᠯ ᠳᠤ ᠡᠬᠡ ᠶᠢᠨ ᠬᠡᠪᠡᠯᠢ ᠶᠢᠨ ᠰᠣᠷᠭᠠᠨ ᠬᠦᠮᠦᠵᠢᠯ ᠪᠠᠭᠳᠠᠳᠠᠭ᠃ ᠬᠦᠮᠦᠰ ᠡᠬᠡ ᠶᠢᠨ ᠬᠡᠪᠡᠯᠢ ᠶᠢᠨ ᠰᠣᠷᠭᠠᠨ ᠬᠦᠮᠦᠵᠢᠯ ᠠᠴᠠ ᠠᠪᠤᠭᠠᠳ ᠨᠠᠰᠤ ᠨᠦᠭᠴᠢᠬᠦ ᠬᠦᠷᠳᠡᠯ᠎ᠡ ᠠᠮᠢᠳᠣᠷᠠᠬᠤᠢ ᠶᠢᠨ ᠦᠵᠡᠯᠳᠡ᠂ ᠦᠷᠳᠡᠭ ᠤᠨ ᠦᠵᠡᠯᠳᠡ ᠪᠠ ᠶᠢᠷᠳᠢᠨᠴᠦ ᠶᠢᠨ ᠦᠵᠡᠯᠳᠡ ᠶᠢᠨ ᠲᠠᠯ᠎ᠠ ᠪᠠᠷ ᠲᠠᠰᠣᠷᠠᠯᠳᠠ ᠦᠭᠡᠢ ᠪᠣᠯᠪᠠᠰᠣᠷᠠᠭᠳᠠᠨ ᠲᠡᠭᠦᠯᠳᠡᠷᠵᠢᠵᠦ᠂ ᠠᠮᠢᠳᠣᠷᠠᠯ ᠤᠨ ᠶᠤᠰᠣ ᠵᠦᠢ ᠠᠴᠠ ᠠᠪᠤᠭᠠᠳ ᠬᠦᠮᠦᠨ ᠪᠠᠶᠢᠭᠠᠯᠢ ᠲᠠᠢ ᠬᠡᠷᠬᠢᠨ ᠵᠤᠬᠢᠴᠠᠯᠳᠣᠨ ᠣᠷᠣᠰᠢᠬᠤ ᠬᠦᠷᠳᠡᠯ᠎ᠡ ᠨᠠᠰᠣᠨ ᠲᠤᠷᠰᠢᠳᠡ ᠰᠣᠷᠣᠯᠴᠠᠬᠤ ᠶᠠᠪᠤᠴᠠ ᠮᠦᠨ᠃ ᠡᠯ᠎ᠡ ᠲᠠᠯ᠎ᠠ ᠶᠢᠨ ᠰᠤᠷᠭᠠᠨ ᠬᠦᠮᠦᠵᠢᠯ ᠤᠨ ᠶᠠᠪᠤᠴᠠ ᠳᠤ ᠡᠬᠡᠴᠣᠣᠯ ᠤᠨ ᠦᠵᠡᠬᠦᠯᠬᠦ ᠦᠢᠯᠡᠳᠦᠯ ᠬᠡᠷᠡᠭᠴᠡᠭᠡ ᠪᠠ ᠭᠠᠪᠢᠶ᠎ᠠ ᠵᠢᠳᠬᠦᠯ ᠨᠢ ᠣᠮᠳᠠᠭᠠᠶᠢᠯᠠᠵᠤ ᠪᠤᠯᠤᠰᠢ ᠦᠭᠡᠢ ᠬᠦᠴᠦᠨ ᠵᠢᠳᠬᠦᠯ ᠲᠠᠢ ᠪᠠᠶᠢᠳᠠᠭ᠃ ᠡᠶᠢᠮᠦ ᠠᠴᠠ ᠡᠮᠡᠭᠳᠡᠶᠢᠴᠣᠳ ᠤᠨ ᠡᠷᠬᠡ ᠠᠰᠢᠭ ᠢ ᠬᠠᠮᠠᠭᠠᠯᠠᠵᠤ᠂ ᠡᠷᠡᠭᠳᠡᠢ ᠡᠮᠡᠭᠳᠡᠢ ᠶᠢᠨ ᠬᠠᠷᠢᠴᠠᠯ ᠢ ᠲᠡᠩᠴᠡᠭᠦᠷᠢᠰᠢᠭᠦᠯᠦᠨ᠂ ᠡᠷᠡᠭᠳᠡᠢ ᠡᠮᠡᠭᠳᠡᠢ ᠡᠷᠬᠡ ᠲᠡᠭᠰᠢ ᠪᠠᠶᠢᠬᠤ ᠶᠢ ᠪᠠᠳᠣᠯᠠᠬᠤ ᠪᠤᠯ ᠡᠶ᠎ᠡ ᠨᠠᠶᠢᠷᠠᠮᠳᠠᠭᠤ ᠨᠡᠶᠢᠭᠡᠮ ᠢ ᠪᠦᠳᠦᠭᠡᠨ ᠪᠠᠶᠢᠭᠤᠯᠬᠤ ᠪᠠ ᠬᠦᠮᠦᠨ ᠲᠦᠷᠦᠯᠬᠢᠳᠡᠨ ᠤ ᠨᠡᠶᠢᠭᠡᠮ ᠤᠨ ᠪᠤᠯᠪᠠᠰᠣᠨ ᠤ ᠬᠦᠭᠵᠢᠯᠳᠡ ᠶᠢ ᠲᠦᠯᠬᠢᠨ ᠠᠬᠢᠭᠤᠯᠬᠤ ᠶᠢᠨ ᠦᠨᠳᠦᠰᠦᠨ ᠪᠠᠳᠣᠯᠠᠭ᠎ᠠ ᠮᠦᠨ᠃ ᠮᠠᠨ ᠤ ᠮᠤᠩᠭᠤᠯ ᠦᠭᠡᠨ ᠳᠤ ︿︿ᠠᠪᠤ ᠶᠢᠨ ᠰᠣᠷᠭᠠᠯ ᠠᠯᠳᠠ᠂ ᠡᠵᠢ ᠶᠢᠨ ᠰᠣᠷᠭᠠᠯ ᠡᠷᠳᠡᠨᠢ﹀﹀ ᠭᠡᠳᠡᠭ᠃ ᠬᠡᠯᠡᠯᠭᠡᠨ ᠦᠭᠡᠢ ᠡᠴᠢᠭᠡ ᠪᠤᠯᠤᠭᠰᠠᠳ ᠤᠨ ᠭᠡᠷ ᠪᠦᠯᠢ ᠠᠴᠠ ᠠᠪᠤᠭᠠᠳ ᠠᠵᠢᠯ ᠦᠢᠯᠡᠰ ᠵᠢᠴᠢ ᠲᠦᠷᠦ ᠬᠦᠷᠦᠨ ᠤ ᠬᠦᠭᠵᠢᠯᠳᠡ ᠶᠢᠨ ᠦᠢᠯᠡᠰ ᠲᠤ ᠦᠵᠡᠬᠦᠯᠬᠦ ᠠᠴᠢ ᠭᠠᠪᠢᠶ᠎ᠠ ᠶᠢ ᠲᠦᠮᠡᠨ ᠣᠯᠠᠨ ᠢᠶᠠᠷ ᠢᠶᠠᠨ ᠮᠡᠳᠡᠷᠡᠳᠡᠭ᠃ ᠠᠳᠡ ᠪᠢᠳᠡ ᠵᠦᠪᠬᠡᠨ ᠡᠬᠡᠴᠣᠣᠯ ᠤᠨ ᠰᠣᠷᠭᠠᠨ ᠬᠦᠮᠦᠵᠢᠯ ᠤᠨ ᠦᠢᠯᠡᠰ ᠲᠤ ᠦᠵᠡᠬᠦᠯᠬᠦ ᠭᠠᠪᠢᠶ᠎ᠠ ᠵᠢᠳᠬᠦᠯ ᠢ ᠭᠤᠤᠯᠴᠢᠯᠠᠨ ᠶᠠᠷᠢᠶ᠎ᠠ᠃ ᠡᠬᠡᠴᠣᠣᠯ ᠤᠨ ᠰᠣᠷᠭᠠᠨ ᠬᠦᠮᠦᠵᠢᠯ ᠤᠨ ᠦᠢᠯᠡᠰ ᠲᠤ ᠦᠵᠡᠬᠦᠯᠬᠦ ᠭᠠᠪᠢᠶ᠎ᠠ ᠵᠢᠳᠭᠦᠯ ᠪᠠ ᠦᠢᠯᠡᠳᠦᠯ ᠬᠡᠷᠡᠭᠴᠡᠭᠡ ᠶᠢ ᠭᠤᠤᠯᠳᠠᠭᠤ ᠢᠪᠴᠦᠦ ᠣᠳᠬ᠎ᠠ ᠪᠠ ᠲᠡᠯᠭᠡᠷᠡᠩᠭᠦᠢ ᠣᠳᠬ᠎ᠠ ᠬᠡᠬᠦ ᠬᠤᠶᠠᠷ ᠲᠠᠯ᠎ᠠ ᠠᠴᠠ ᠣᠶᠢᠯᠠᠭᠠᠵᠤ ᠪᠤᠯᠤᠨ᠎ᠠ᠃ ᠢᠪᠴᠦᠦ ᠣᠳᠬ᠎ᠠ ᠶᠢᠨ ᠬᠤᠪᠢ ᠠᠴᠠ ᠠᠪᠴᠤ ᠦᠵᠡᠪᠡᠯ ᠭᠤᠤᠯᠳᠠᠭᠤ ᠡᠬᠡᠴᠣᠣᠯ ᠤᠨ ᠨᠢᠭᠡ ᠭᠡᠷ ᠪᠦᠯᠢ ᠶᠢᠨ ᠰᠣᠷᠭᠠᠨ ᠬᠦᠮᠦᠵᠢᠯ ᠳᠤ ᠦᠵᠡᠭᠦᠯᠬᠦ ᠦᠢᠯᠡᠳᠦᠯ ᠪᠤᠯᠤᠨ᠎ᠠ᠃ ᠲᠡᠯᠭᠡᠷᠡᠩᠭᠦᠢ ᠣᠳᠬ᠎ᠠ ᠶᠢᠨ ᠬᠤᠪᠢ ᠠᠴᠠ ᠠᠪᠴᠤ ᠦᠵᠡᠪᠡᠯ ᠨᠢᠭᠡᠨ ᠦᠨᠳᠦᠰᠦᠳᠡᠨ ᠣᠭᠰᠠᠭ᠎ᠠ ᠬᠢᠭᠡᠳ ᠬᠦᠮᠦᠨ ᠲᠦᠷᠦᠯᠬᠢᠳᠡᠨ ᠤ ᠨᠡᠶᠢᠭᠡᠮ ᠤᠨ ᠬᠦᠭᠵᠢᠯᠳᠡ ᠳᠤ ᠦᠵᠡᠬᠦᠯᠬᠦ ᠦᠢᠯᠡᠳᠦᠯ ᠬᠡᠷᠡᠭᠴᠡᠭᠡ ᠪᠤᠯᠤᠨ᠎ᠠ᠃ ᠨᠢᠭᠡ᠂ ᠡᠬᠡᠴᠣᠣᠯ ᠤᠨ ᠭᠡᠷ ᠪᠦᠯᠢ ᠶᠢᠨ ᠰᠣᠷᠭᠠᠨ ᠬᠦᠮᠦᠵᠢᠯ ᠳᠤ ᠦᠵᠡᠬᠦᠯᠬᠦ ᠦᠢᠯᠡᠳᠦᠯ ᠭᠡᠷ ᠪᠦᠯᠢ ᠪᠤᠯ ᠨᠡᠶᠢᠭᠡᠮ ᠤᠨ ᠪᠦᠷᠢᠯᠳᠦᠭᠦᠨ ᠡᠰ ᠮᠦᠨ᠃ ᠲᠦᠭ ᠲᠦᠮᠡᠨ ᠭᠡᠷ ᠪᠦᠯᠢ ᠪᠦᠷᠢᠯᠳᠦᠭᠡᠳ ᠰᠠᠶ᠋ᠢ ᠨᠡᠶᠢᠭᠡᠮ ᠪᠤᠢ ᠪᠤᠯᠳᠠᠭ᠃ ᠭᠡᠷ ᠪᠦᠯᠢ ᠶᠢᠨ ᠲᠤᠮᠳᠠ ᠡᠬᠡ ᠬᠦᠮᠦᠨ ᠤ ᠦᠵᠡᠭᠦᠯᠬᠦ ᠦᠢᠯᠡᠳᠦᠯ ᠬᠡᠷᠡᠭᠴᠡᠭᠡ ᠪᠠ ᠠᠴᠢ ᠲᠤᠰᠠ ᠲᠤᠩ ᠶᠡᠭᠡ ᠪᠠᠶᠢᠳᠠᠭ᠃ ᠠᠬᠠᠮᠠᠳ ᠨᠠᠰᠣᠳᠠᠨ ᠢᠶᠠᠨ ᠠᠰᠠᠷᠠᠬᠤ ᠠᠴᠠ ᠠᠪᠤᠭᠠᠳ ᠦᠷ᠎ᠡ ᠬᠡᠤᠬᠡᠳ ᠢᠶᠠᠨ ᠰᠣᠷᠭᠠᠨ ᠬᠦᠮᠦᠵᠢᠭᠦᠯᠬᠦ︔ ᠬᠡᠷ ᠤᠨ ᠲᠤᠳᠣᠨ᠎ᠠ ᠭᠠᠳᠠᠨᠠᠬᠢ ᠠᠷᠰᠠᠷ ᠠᠵᠢᠯ ᠠᠴᠠ ᠠᠪᠤᠭᠠᠳ ᠡᠳ᠋ ᠮᠦᠩᠬᠦ ᠢᠶᠠᠨ ᠵᠤᠬᠢᠰᠳᠠᠢ ᠬᠠᠮᠢᠶᠠᠷᠬᠤ ᠪᠠ ᠰᠢᠨᠵᠢᠯᠡᠬᠦ ᠣᠬᠠᠭᠠᠨᠴᠢ ᠪᠠᠷ ᠲᠤᠬᠢᠷᠠᠭᠤᠯᠬᠤ︔ ᠭᠡᠷ ᠪᠦᠯᠢ ᠶᠢᠨ ᠬᠦᠮᠦᠰ ᠤᠨ ᠡᠷᠡᠭᠦᠯ ᠮᠡᠨᠳᠦ ᠶᠢ ᠠᠩᠬᠠᠷᠣᠨ ᠬᠠᠯᠠᠮᠵᠢᠯᠠᠬᠤ ᠠᠴᠠ ᠠᠪᠤᠭᠠᠳ ᠰᠢᠯᠢᠳᠡᠭ ᠰᠠᠶᠢᠬᠠᠨ ᠬᠡᠷ ᠪᠦᠯᠢ ᠶᠢᠨ ᠰᠣᠷᠳᠠᠯ ᠢ ᠪᠤᠢ ᠪᠤᠯᠭᠠᠬᠤ ᠳᠤ ᠬᠦᠷᠳᠡᠯ᠎ᠡ ᠡᠬᠡᠴᠣᠣᠯ ᠤᠨ ᠭᠡᠷ ᠪᠦᠯᠢ ᠶᠢᠨ ᠪᠦᠳᠦᠭᠡᠨ ᠪᠠᠶᠢᠭᠤᠯᠤᠯᠳᠠ ᠳᠤ ᠦᠵᠡᠬᠦᠯᠬᠦ ᠦᠢᠯᠡᠳᠦᠯ ᠲᠣᠩ ᠦᠷᠭᠡᠨ ᠲᠡᠯᠭᠡᠷ ᠪᠠᠶᠢᠳᠠᠭ᠃ ᠨᠡᠩ ᠣᠨᠴᠠᠭᠠᠶᠢᠯᠠᠨ ᠬᠤᠶᠢᠰᠢ ᠦᠶ᠎ᠡ ᠪᠠᠨ ᠬᠦᠮᠦᠵᠢᠬᠦᠯᠬᠦ᠂ ᠦᠨᠳᠦᠰᠦᠳᠡᠨ ᠣᠭᠰᠠᠭ᠎ᠠ ᠪᠠᠨ ᠵᠠᠯᠭᠠᠮᠵᠢᠯᠠᠬᠤ ᠲᠠᠯ᠎ᠠ ᠪᠠᠷ ᠶᠠᠷᠢᠶᠠᠨ ᠦᠭᠡᠢ ᠡᠷᠡᠭᠳᠡᠢ ᠬᠦᠮᠦᠨ ᠣᠷᠣᠯᠠᠭᠤᠯᠵᠤ ᠪᠤᠯᠤᠰᠢ ᠦᠭᠡᠢ ᠠᠭᠤᠤ ᠲᠠᠷᠬᠠᠨ ᠠᠴᠢ ᠭᠠᠪᠢᠶ᠎ᠠ ᠲᠠᠢ ᠪᠠᠶᠢᠳᠠᠭ᠃ ᠡᠭᠦᠨ ᠳᠤ ᠣᠷᠢᠳᠠᠯ ᠨᠦᠬᠦᠴᠡᠯ ᠨᠢ ᠲᠠᠷᠦᠢ ᠡᠮᠡᠭᠳᠡᠶᠢᠴᠣᠳ ᠤᠨ ᠬᠤᠪᠢ ᠪᠡᠶ᠎ᠡ  ᠶᠢᠨ ᠬᠡᠪ ᠴᠢᠨᠠᠷ ᠢᠶᠠᠨ ᠲᠠᠰᠣᠷᠠᠯᠳᠠ ᠦᠭᠡᠢ ᠲᠡᠭᠡᠭᠰᠢᠯᠡᠬᠦᠯᠬᠦ ᠶᠠᠪᠤᠳᠠᠯ ᠪᠤᠯᠤᠨ᠎ᠠ᠃ ᠣᠳᠣᠮᠰᠢᠯ ᠤᠨ ᠭᠧᠨ ᠤ ᠰᠣᠳᠣᠯᠣᠯᠳᠠ ᠠᠴᠠ ᠠᠪᠴᠣ ᠦᠵᠡᠪᠡᠯ ᠬᠡᠣᠬᠡᠳ ᠤᠨ ᠬᠢᠨᠢ ᠰᠡᠴᠡᠨ ᠰᠡᠷᠭᠦᠯᠡᠩ ᠡᠷᠡᠭᠦᠯ ᠴᠢᠬᠢᠷᠠᠭ ᠪᠠᠶᠢᠬᠤ ᠡᠰᠡᠬᠦ ᠨᠢ ᠭᠤᠤᠯᠳᠠᠭᠤ ᠡᠬᠡ ᠶᠢᠨ ᠬᠢᠨᠢ ᠣᠶᠣᠨ ᠤᠬᠠᠭᠠᠨ ᠬᠢᠭᠡᠳ ᠪᠡᠶ᠎ᠡ ᠮᠠᠬᠠᠪᠤᠳ ᠤᠨ ᠪᠠᠶᠢᠳᠠᠯ ᠢᠶᠠᠷ ᠲᠤᠭᠳᠠᠭᠠᠭᠳᠠᠬᠤ ᠪᠤᠯᠤᠨ᠎ᠠ᠃ ᠡᠨᠡ ᠨᠢ ᠲᠠᠷᠦᠢ ᠨᠢᠭᠡᠨ ᠡᠮᠡᠭᠳᠡᠢ ᠬᠦᠮᠦᠨ ᠤ ᠬᠤᠶᠢᠰᠢ ᠦᠶ᠎ᠡ ᠪᠠᠨ ᠨᠦᠯᠦᠭᠡᠯᠡᠬᠦ ᠨᠦᠯᠦᠭᠡ ᠲᠤᠰᠬᠠᠯ ᠬᠡᠴᠢᠨᠡᠨ ᠶᠡᠭᠡ ᠭᠡᠳᠡᠭ ᠢ ᠣᠶᠢᠯᠠᠭᠠᠵᠤ ᠪᠤᠯᠤᠨ᠎ᠠ᠃ ᠡᠷᠡᠭᠦᠯ ᠮᠡᠨᠳᠦ ᠶᠢᠨ ᠣᠬᠠᠭᠠᠨ ᠤ ᠰᠣᠳᠣᠯᠣᠯᠳᠠ ᠪᠠᠷ ᠠᠪᠴᠣ ᠦᠵᠡᠪᠡᠯ ᠨᠢᠭᠡ ᠬᠦᠮᠦᠨ ᠤ ᠡᠷᠡᠭᠦᠯ ᠮᠡᠨᠳᠦ ᠨᠢ ᠭᠤᠷᠪᠠᠨ ᠦᠶ᠎ᠡ ᠶᠢ ᠨᠦᠯᠦᠭᠡᠯᠡᠨ᠎ᠡ ᠭᠡᠳᠡᠭ᠃ ᠡᠶᠢᠮᠦ ᠠᠴᠠ ᠡᠮᠡᠭᠳᠡᠶᠢᠴᠣᠳ ᠤᠨ ᠣᠶᠣᠨ ᠣᠬᠠᠭᠠᠨ ᠤ ᠬᠦᠭᠵᠢᠯᠳᠡ ᠪᠠ ᠪᠡᠶ᠎ᠡ ᠰᠡᠳᠭᠢᠴᠡ ᠶᠢᠨ ᠲᠠᠯ᠎ᠠ ᠪᠠᠷ ᠡᠷᠡᠭᠦᠯ ᠰᠠᠷᠠᠭᠤᠯ ᠪᠠᠶᠢᠬᠤ ᠶᠠᠪᠤᠳᠠᠯ ᠪᠤᠯ ᠨᠢᠭᠡᠨ ᠭᠡᠷ ᠪᠦᠯᠢ ᠶᠢᠨ ᠦᠭᠡᠳᠡᠯᠡᠨ ᠮᠠᠨᠳᠣᠬᠤ ᠪᠠ ᠦᠷᠨᠢᠨ ᠬᠦᠭᠵᠢᠬᠦ ᠳᠤ ᠲᠤᠩ ᠬᠦᠨ ᠭᠦᠨᠵᠡᠬᠡᠢ ᠠᠴᠢ ᠬᠤᠯᠪᠤᠭᠳᠠᠯ ᠲᠠᠢ ᠪᠠᠶᠢᠳᠠᠭ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号