ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠦᠬᠦ ᠬᠤᠰᠢᠭᠤᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/10
   9 ᠰᠠᠷ᠎ᠠ ᠶᠢᠨ 9 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠦᠬᠦ ᠬᠤᠰᠢᠭᠤᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ᠂ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠪᠠᠬᠢᠵᠢᠭᠦᠯᠬᠦ ᠪᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠢ ᠭᠦᠨᠵᠡᠭᠡᠢ ᠥᠷᠨᠢᠭᠦᠯᠬᠦ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃    ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ᠂ ᠬᠤᠷᠠᠮᠳᠤᠯ ᠢ ᠵᠠᠰᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠵᠦ᠂ ᠣᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠶᠢ ᠦᠨᠡᠨᠬᠦ ᠬᠠᠮᠠᠭᠠᠯᠠᠬᠤ ᠬᠡᠷᠡᠭᠲᠡᠢ᠃ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠬᠥᠮᠥᠷᠭᠡ ᠳᠤ ᠣᠷᠣᠭᠤᠯᠬᠤ᠂ ᠪᠦᠷᠢᠳᠬᠡᠯ ᠳᠤ ᠣᠷᠣᠭᠤᠯᠬᠤ ᠬᠠᠮᠢᠶ᠎ᠠ ᠪᠦᠬᠦᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠪᠦᠬᠦᠨ ᠢ ᠬᠥᠮᠥᠷᠭᠡ ᠳᠤ ᠣᠷᠣᠭᠤᠯᠬᠤ︾ ᠶᠢ ᠪᠡᠶᠡᠯᠡᠭᠦᠯᠵᠦ᠂ ᠵᠥᠷᠢᠶ᠎ᠡ ᠶᠢ ᠪᠦᠬᠦ ᠬᠦᠴᠦᠨ ᠢᠶᠠᠷ ᠢᠶᠠᠨ ᠪᠠᠭᠠᠰᠬᠠᠬᠤ ᠬᠡᠷᠡᠭᠲᠡᠢ᠃    ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠵᠦ ᠠᠮᠤ ᠪᠤᠳᠠᠭ᠎ᠠ ᠨᠥᠭᠡᠴᠡᠯᠡᠵᠦ ᠬᠤᠬᠢᠷᠠᠯ ᠢ ᠪᠠᠭᠠᠰᠬᠠᠬᠤ ︽ᠪᠣᠭᠤᠮᠲᠠ ᠰᠢᠪᠲᠤᠯᠬᠤ ᠰᠠᠷ᠎ᠠ︾ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠢᠨᠵᠢᠯᠡᠬᠦ ᠤᠬᠠᠭᠠᠨᠴᠢ ᠪᠠᠷ ᠬᠠᠳᠠᠭᠠᠯᠠᠬᠤ ᠬᠠᠷᠠᠯᠲᠠ ᠶᠢ ᠴᠢᠩᠭ᠎ᠠ ᠠᠩᠬᠠᠷᠴᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠤᠷᠢᠳᠴᠢᠯᠠᠨ ᠪᠠᠶᠢᠷᠢᠯᠠᠭᠤᠯᠵᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ︽ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ︾ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠭᠠᠷᠤᠯᠲᠠ ᠪᠠᠨ ᠨᠡᠮᠡᠭᠳᠡᠭᠦᠯᠵᠦ ᠪᠠᠰᠠ ᠣᠷᠣᠯᠭ᠎ᠠ ᠪᠠᠨ ᠨᠡᠮᠡᠭᠳᠡᠭᠦᠯᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ︽ᠠᠵᠢᠯ ᠲᠥᠷᠥᠯ ᠤᠨ ᠭᠤᠣᠯᠯᠠᠨ ᠬᠠᠮᠢᠶᠠᠷᠬᠤ︾ ᠪᠠ ︽ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ︾ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠯᠪᠣᠭᠠᠯᠠᠨ ᠬᠥᠳᠡᠯᠦᠯᠴᠡᠬᠦ ᠬᠠᠮᠲᠤᠷᠠᠯ ᠤᠨ ᠬᠦᠴᠦᠨ ᠢ ᠲᠦᠷᠭᠡᠨ ᠪᠦᠷᠢᠯᠳᠦᠭᠦᠯᠵᠦ᠂ ︽ᠶᠠᠳᠠᠭᠤᠷᠠᠬᠤ ᠪᠠ ᠳᠠᠬᠢᠨ ᠶᠠᠳᠠᠭᠤᠷᠠᠬᠤ︾ ︽ᠶᠠᠳᠠᠭᠤᠷᠠᠬᠤ ᠪᠠ ᠳᠠᠬᠢᠨ ᠶᠠᠳᠠᠭᠤᠷᠠᠬᠤ︾ ᠠᠶᠤᠯ ᠲᠦᠭᠰᠢᠭᠦᠷᠢ ᠶᠢ ᠡᠷᠡᠰ ᠠᠷᠢᠯᠭᠠᠬᠤ ᠬᠡᠷᠡᠭᠲᠡᠢ᠃ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠭᠦᠨᠵᠡᠭᠡᠢ ᠠᠬᠢᠭᠤᠯᠵᠤ᠂ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠤᠲᠠᠰᠤ ᠶᠢᠨ ᠣᠯᠠᠨ ᠲᠦᠮᠡᠨ ᠳᠤ ᠦᠢᠯᠡᠴᠢᠯᠡᠬᠦ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠤ ᠲᠤᠰᠬᠠᠭᠰᠠᠨ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠪᠦᠬᠦ ᠬᠦᠴᠦᠨ ᠢᠶᠠᠷ ᠢᠶᠠᠨ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠪᠦᠬᠦ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠭᠡᠮ ᠰᠣᠭᠤᠭ ᠦᠯᠡᠳᠡᠭᠡᠬᠦ ᠦᠭᠡᠢ ᠪᠠᠷ ᠪᠠᠶᠠᠷ ᠤᠨ ᠡᠳᠦᠷ ᠤᠨ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠦ ᠂ ᠠᠶᠤᠯᠭᠦᠢ ᠦᠢᠯᠡᠳᠪᠦᠷᠢᠯᠡᠯ ᠤᠨ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠣᠰᠣᠭᠠᠷ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠴᠢᠩᠭᠠᠳᠬᠠᠨ ᠪᠣᠳᠠᠲᠠᠢ ᠠᠳᠬᠤᠵᠤ᠂ ᠠᠰᠠᠭᠤᠳᠠᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ︽ᠬᠤᠶᠠᠷ ᠪᠠᠶᠠᠷ︾ ᠤᠨ ᠬᠤᠭᠤᠴᠠᠭᠠᠨ ᠳᠤ ᠠᠶᠤᠯᠭᠦᠢ ᠦᠢᠯᠡᠳᠪᠦᠷᠢᠯᠡᠯ ᠳᠤ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃    ᠬᠤᠰᠢᠭᠤᠨ ᠤ ᠤᠳᠤᠷᠢᠳᠤᠯᠭ᠎ᠠ ᠼᠠᠢ ᠪᠦᠦ ᠵᠢᠶᠦ᠋ᠨ᠂ ᠸᠠᠩ ᠬᠠᠢ ᠶᠢᠩ᠂ ᠴᠡᠩᠭᠡᠯᠳᠦ᠂ ᠲᠦᠩ ᠬᠤᠩ ᠶᠠᠨ᠂ ᠪᠠᠭᠠᠲᠤᠷ ᠵᠡᠷᠭᠡ ᠳᠥᠷᠪᠡᠨ ᠶᠡᠭᠡ ᠤᠳᠤᠷᠢᠳᠬᠤ ᠪᠠᠭ ᠤᠨ ᠭᠡᠷ ᠲᠡᠭᠡᠨ ᠪᠠᠶᠢᠭ᠎ᠠ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤᠨ ᠤ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号