ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠶᠢ ᠠᠬᠢᠭᠤᠯᠬᠤ ᠬᠤᠷᠠᠯ ᠵᠢᠴᠢ 2024 ᠣᠨ ᠤ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ︾ ᠶᠢᠨ ᠡᠬᠢᠯᠡᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/10
   9 ᠰᠠᠷ᠎ᠠ ᠶᠢᠨ 9 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠶᠢ ᠠᠬᠢᠭᠤᠯᠬᠤ ᠬᠤᠷᠠᠯ ᠵᠢᠴᠢ 2024 ᠣᠨ ᠤ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ︾ ᠶᠢᠨ ᠡᠬᠢᠯᠡᠯᠲᠡ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠬᠤᠷᠠᠯ ᠢ ᠡᠷᠬᠢᠯᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠣᠯ ᠦᠨᠳᠦᠰᠦᠲᠡᠨ ᠤ ᠭᠠᠵᠠᠷ ᠣᠷᠣᠨ ᠪᠣᠯᠤᠭᠰᠠᠨ ᠤ ᠬᠤᠪᠢ ᠳᠤ ᠡᠷᠬᠡᠪᠰᠢ ᠲᠡᠮᠡᠴᠡᠨ ᠣᠯᠬᠤ ᠡᠷᠬᠢᠮ ᠳᠡᠭᠡᠳᠦ ᠢᠷᠠᠭᠤ ᠠᠯᠳᠠᠷ ᠪᠣᠯᠬᠤ ᠪᠠᠷ ᠪᠠᠷᠠᠬᠤ ᠦᠭᠡᠢ᠂ ᠪᠠᠰᠠ ᠴᠤ ᠡᠷᠬᠡᠪᠰᠢ ᠡᠭᠦᠷᠭᠡᠯᠡᠬᠦ ᠤᠯᠤᠰ ᠲᠥᠷᠥ ᠶᠢᠨ ᠬᠠᠷᠢᠭᠤᠴᠠᠯᠭ᠎ᠠ ᠮᠥᠨ᠂ ᠨᠡᠩ ᠴᠤ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠬᠥᠭᠵᠢᠯᠲᠡ ᠶᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠃ ᠪᠦᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠂ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠤᠯᠤᠰ ᠲᠥᠷᠥ ᠪᠠ ᠪᠦᠬᠦ ᠲᠠᠯ᠎ᠠ ᠶᠢᠨ ᠦᠨᠳᠦᠷᠴᠡ ᠠᠴᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠲᠠᠰᠤᠷᠠᠯᠲᠠ ᠥᠬᠡᠶ ᠲᠦᠯᠬᠢᠨ ᠠᠬᠢᠭᠤᠯᠬᠤ ᠬᠡᠷᠡᠭᠲᠡᠢ᠃    ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠡᠭᠦᠳᠦᠨ ᠪᠠᠶᠢᠭᠤᠯᠬᠤ ᠰᠢᠯᠭᠠᠨ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮ ᠢ ᠴᠢᠩᠭ᠎ᠠ ᠬᠠᠷᠭᠤᠭᠤᠯᠵᠤ᠂ ᠠᠵᠢᠯ ᠤᠨ ᠠᠬᠢᠴᠠ ᠶᠢ ᠪᠦᠬᠦ ᠲᠠᠯ᠎ᠠ ᠪᠠᠷ ᠪᠦᠷᠢᠳᠬᠡᠨ ᠡᠮᠬᠢᠯᠡᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠲᠦᠷᠭᠡᠨ ᠨᠥᠬᠦᠪᠥᠷᠢᠯᠡᠵᠦ᠂ ᠨᠡᠩ ᠥᠨᠳᠥᠷ ᠪᠠᠷᠢᠮᠵᠢᠶ᠎ᠠ ᠂ ᠨᠡᠩ ᠴᠢᠩᠭ᠎ᠠ ᠱᠠᠭᠠᠷᠳᠠᠯᠭ᠎ᠠ ᠪᠠᠷ ᠡᠯ᠎ᠡ ᠵᠦᠢᠯ ᠤᠨ ᠡᠭᠦᠳᠦᠨ ᠪᠠᠶᠢᠭᠤᠯᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠵᠦ᠂ ᠭᠦᠨᠵᠡᠭᠡᠢ ᠤᠶᠠᠯᠳᠤᠭᠤᠯᠤᠨ ᠠᠭᠤᠰᠤᠯᠴᠠᠭᠤᠯᠬᠤ᠂ ᠪᠦᠬᠦ ᠲᠠᠯ᠎ᠠ ᠪᠠᠷ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠬᠤ ᠵᠡᠷᠭᠡ ᠲᠠᠯ᠎ᠠ ᠪᠠᠷ ᠡᠷᠬᠡᠪᠰᠢ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠣᠯᠠᠨ ᠶᠠᠩᠵᠤ ᠶᠢᠨ ᠬᠡᠯᠪᠡᠷᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠭᠤᠣᠯ ᠰᠡᠳᠦᠪᠲᠦ ᠠᠵᠢᠯᠯᠠᠭ᠎ᠠ ᠶᠢ ᠰᠢᠨ᠎ᠡ ᠶᠢ ᠡᠭᠦᠳᠦᠨ ᠥᠷᠨᠢᠭᠦᠯᠵᠦ᠂ ᠦᠨᠳᠦᠰᠦᠲᠡᠨ ᠤ ᠠᠵᠢᠯ ᠤᠨ ᠲᠦᠷᠦᠯ ᠲᠡᠮᠳᠡᠭ ᠢ ᠨᠠᠷᠢᠨ ᠨᠢᠮᠪᠠᠢ ᠡᠭᠦᠳᠴᠦ᠂ ︽ᠬᠤᠭᠤᠰᠣᠨ᠂ ᠪᠦᠳᠦᠭᠦᠯᠢᠭ᠂ ᠳᠡᠯᠭᠡᠷᠡᠬᠦ︾ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ᠃ ᠬᠥᠭᠵᠢᠯᠲᠡ ᠭᠡᠬᠦ ᠡᠨᠡᠬᠦ ᠭᠤᠣᠯᠳᠠᠯᠭ᠎ᠠ ᠶᠢ ᠴᠢᠩᠭ᠎ᠠ ᠠᠳᠬᠤᠵᠤ᠂ ᠡᠭᠦᠳᠦᠨ ᠪᠠᠶᠢᠭᠤᠯᠬᠤ ᠠᠵᠢᠯ ᠢ ᠡᠯ᠎ᠡ ᠰᠠᠯᠠᠭ᠎ᠠ ᠮᠥᠴᠢᠷ ᠡᠯ᠎ᠡ ᠠᠵᠢᠯ ᠲᠥᠷᠥᠯ ᠡᠯ᠎ᠡ ᠬᠦᠷᠢᠶᠡᠨ ᠤ ᠠᠵᠢᠯ ᠳᠤ ᠦᠨᠡᠨᠬᠦ ᠠᠭᠤᠰᠤᠯᠴᠠᠭᠤᠯᠬᠤ ᠬᠡᠷᠡᠭᠲᠡᠢ᠃ ᠤᠬᠠᠭᠤᠯᠭ᠎ᠠ ᠬᠥᠮᠦᠵᠢᠯ ᠤᠨ ᠰᠠᠭᠤᠷᠢᠨ᠂ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ︽ᠠᠨᠠᠷ ᠤᠨ ᠦᠷ᠎ᠡ ᠮᠡᠲᠦ ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠭᠤᠣᠯ ᠰᠡᠳᠦᠪᠲᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠲᠣᠳᠣᠷᠬᠠᠢ ᠶᠠᠷᠢᠬᠤ ᠬᠡᠷᠡᠭᠲᠡᠢ᠃ ᠡᠭᠦᠳᠦᠨ ᠪᠠᠶᠢᠭᠤᠯᠬᠤ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠰᠢᠰᠲ᠋ᠧᠮ ᠤᠨ ᠴᠤᠭᠯᠠᠷᠠᠯ ᠢ ᠴᠢᠬᠤᠯᠠᠴᠢᠯᠠᠵᠤ᠂ ᠪᠦᠬᠦ ᠲᠠᠯ᠎ᠠ ᠶᠢᠨ ᠦᠵᠡᠯᠲᠡ ᠪᠠ ᠰᠢᠰᠲ᠋ᠧᠮᠲᠦ ᠰᠡᠳᠬᠢᠬᠦᠢ ᠪᠠᠷ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ ᠡᠯ᠎ᠡ ᠬᠦᠷᠢᠶ᠎ᠡ ᠡᠯ᠎ᠡ ᠲᠠᠯ᠎ᠠ ᠶᠢᠨ ᠠᠳᠠᠯᠢ ᠴᠢᠭᠯᠡᠯ ᠢᠶᠠᠷ ᠬᠦᠴᠦᠯᠡᠬᠦ᠂ ᠣᠨᠢᠨ ᠳᠡᠭᠡᠷ᠎ᠡ ᠨᠢ ᠬᠦᠴᠦᠯᠡᠬᠦ᠂ ᠦᠷᠭᠦᠯᠵᠢᠯᠡᠨ ᠬᠦᠴᠦᠯᠡᠬᠦ ᠶᠢ ᠠᠬᠢᠭᠤᠯᠵᠤ᠂ ᠴᠢᠩᠭ᠎ᠠ ᠬᠦᠴᠦᠲᠡᠢ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠤᠨ ᠪᠦᠷᠢᠯᠳᠦᠭᠦᠯᠬᠦ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号