ᠪᠥᠬᠦ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠬᠡᠷᠡᠭᠯᠡᠭᠡᠨ ᠤ ᠪᠣᠯᠪᠠᠰᠤᠷᠠᠯ ᠬᠦ᠋ᠬᠡᠬᠤᠳᠠ ᠳᠤ ᠶᠠᠪᠤᠬᠳᠠᠪᠠ
ᠨᠡᠶᠢᠲᠡᠯᠡᠭᠰᠡᠨ ᠴᠠᠭ᠄
2024/9/10
   ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠡᠮᠴᠢᠯᠡᠬᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠲᠦᠷᠦᠬᠦᠬᠡᠨ ᠪᠥᠬᠦ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠡᠷᠭᠢᠯᠡᠨ ᠭᠦᠢᠴᠡᠳᠭᠡᠬᠦ ᠬᠡᠷᠡᠭᠯᠡᠭᠡᠨ ᠤ ᠪᠣᠯᠪᠠᠰᠤᠷᠠᠯ ᠤᠨ ᠠᠩᠭᠢ ᠬᠥᠬᠡᠬᠤᠲᠠ ᠳᠤ ᠬᠢᠴᠢᠶᠡᠯ ᠡᠬᠢᠯᠡᠵᠦ ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠤᠯᠤᠰ ᠤᠨ ᠡᠮᠴᠢᠯᠡᠬᠡᠨ ᠤ ᠪᠠᠲᠤᠯᠠᠭ᠎ᠠ ᠶᠢᠨ ᠲᠥᠪ᠂ ᠪᠥᠬᠦ ᠤᠯᠤᠰ ᠤᠨ 32 ᠮᠤᠵᠢ ︵ᠣᠷᠣᠨ᠂ ᠬᠤᠲᠠ︶ ᠵᠢᠴᠢ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠡᠮᠴᠢᠯᠡᠭᠡᠨ ᠤ ᠪᠠᠲᠤᠯᠠᠭ᠎ᠠ ᠶᠢᠨ ᠡᠷᠭᠢᠯᠡᠨ ᠭᠦᠢᠴᠡᠳᠭᠡᠬᠦ ᠪᠠᠶᠢᠭᠤᠯᠤᠮᠵᠢ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ 150 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠵᠠᠢ᠃   ᠠᠵᠢᠯᠯᠠᠭ᠎ᠠ ᠶᠢᠨ ᠬᠤᠭᠤᠴᠠᠭᠠᠨ ᠳᠤ᠂ 19 ᠲᠤᠰᠬᠠᠶ ᠮᠡᠷᠭᠡᠵᠢᠯᠲᠡᠨ ᠠᠴᠠ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠬᠤᠪᠢᠶᠠᠷᠢ ᠰᠢᠰᠲ᠋ᠧᠮ ᠤᠨ ᠬᠡᠷᠡᠭᠯᠡᠯᠲᠡ ᠵᠢᠴᠢ ᠣᠶᠤᠨᠴᠢ ᠴᠢᠳᠠᠪᠬᠢ ᠣᠯᠭᠤᠬᠤ᠂ ᠭᠠᠷᠲᠠᠨ ᠭᠦᠢᠴᠡᠳᠭᠡᠬᠦ ᠪᠠᠶᠢᠭᠤᠯᠤᠮᠵᠢ ᠶᠢᠨ ᠳᠣᠲᠣᠭᠠᠳᠤ ᠡᠵᠡᠮᠳᠡᠯ ᠵᠢᠴᠢ ᠬᠢᠨᠠᠨ ᠪᠠᠶᠢᠴᠠᠭᠠᠯᠲᠠ᠂ ᠮᠡᠳᠡᠭᠡ ᠵᠠᠩᠭᠢᠵᠢᠯᠲᠠ ᠶᠢᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠳᠤᠮᠳᠠ ᠭᠠᠷᠲᠠᠨ ᠭᠦᠢᠴᠡᠳᠭᠡᠬᠦ ᠬᠡᠷᠡᠭᠯᠡᠭᠡᠨ ᠤ ᠬᠢᠨᠠᠨ ᠬᠡᠮᠵᠢᠯᠲᠡ ᠵᠢᠴᠢ ᠡᠮᠴᠢᠯᠡᠬᠡᠨ ᠤ ᠪᠠᠲᠤᠯᠠᠭ᠎ᠠ ᠶᠢᠨ ᠮᠡᠳᠡᠭᠡ ᠵᠠᠩᠭᠢᠵᠢᠯᠲᠠ ᠪᠠᠷᠢᠮᠵᠢᠶᠠᠵᠢᠯᠲᠠ ᠶᠢᠨ ᠬᠠᠮᠢᠶ᠎ᠠ ᠪᠥᠬᠦᠶ ᠠᠵᠢᠯ ᠤᠨ ᠲᠣᠭᠤᠷᠢᠨ ᠳᠤ ᠪᠣᠯᠪᠠᠰᠤᠷᠠᠯ ᠥᠷᠨᠢᠭᠦᠯᠵᠦ᠂ 14 ᠮᠤᠵᠢ ︵ᠣᠷᠣᠨ᠂ ᠬᠤᠲᠠ︶ ᠢᠢᠨ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠪᠠᠶᠢᠭᠤᠯᠤᠮᠵᠢ ᠶᠢᠨ ᠬᠠᠷᠢᠭᠤᠴᠠᠯᠭᠠᠲᠠᠨ ᠭᠤᠤᠯ ᠰᠡᠳᠦᠪᠲᠦ ᠶᠠᠷᠢᠶ᠎ᠠ ᠢᠯᠡᠳᠭᠡᠯ ᠬᠢᠪᠠ᠃   ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠤᠨ ᠬᠠᠮᠢᠶᠠᠷᠤᠯᠲᠠ ᠶᠢᠨ ᠲᠥᠪ ᠤᠨ ᠬᠠᠷᠢᠭᠤᠴᠠᠯᠭᠠᠳᠠᠨ ᠢᠯᠡᠷᠬᠡᠶᠢᠯᠡᠬᠦ ᠳᠡᠭᠡᠨ᠂ ᠪᠥᠬᠦ ᠤᠯᠤᠰ ᠤᠨ ᠨᠢᠭᠡᠳᠦᠯᠲᠡᠶ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠳᠠᠪᠠᠭᠤᠯᠢᠭ ᠢ ᠪᠠᠳᠠᠷᠠᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠴᠢᠩᠭᠠᠳᠬᠠᠨ᠂ ᠳ᠋ᠦᠩᠨᠡᠨ ᠪᠣᠳᠣᠬᠤ ᠲᠤᠭ᠎ᠠ ᠪᠠᠷᠢᠮᠲᠠ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠠᠳᠠᠭᠠᠯᠠᠬᠤ᠂ ᠬᠡᠷᠡᠭᠯᠡᠬᠦ᠂ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠵᠤ᠂ ᠡᠮ ᠡᠮᠨᠡᠯᠭᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠬᠡᠷᠡᠭᠯᠡᠭᠡᠨ ᠤ ᠣᠶᠤᠨᠳᠦ ᠴᠢᠳᠠᠪᠬᠢ ᠬᠢᠭᠡᠳ ᠣᠶᠤᠨᠳᠦ ᠬᠢᠨᠠᠯᠲᠠ ᠬᠠᠮᠢᠶᠠᠷᠤᠯᠲᠠ ᠶᠢ ᠭᠦᠨᠵᠡᠭᠡᠶᠢᠷᠡᠭᠦᠯᠦᠨ᠂ ᠳᠣᠲᠣᠭᠠᠳᠤ ᠡᠵᠡᠮᠳᠡᠯ᠂ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠬᠠᠮᠵᠢᠯᠴᠠᠭᠤᠯᠵᠤ᠂ ᠬᠠᠮᠲᠤ ᠪᠠᠷ ᠠᠷᠭ᠎ᠠ ᠰᠦᠪᠡᠭᠴᠢᠯᠡᠬᠦ᠂ ᠨᠢᠭᠡ ᠴᠣᠭᠴᠠᠵᠢᠭᠤᠯᠤᠨ ᠪᠠᠶᠢᠷᠢᠯᠠᠭᠤᠯᠬᠤ᠂ ᠨᠢᠭᠡ ᠴᠣᠭᠴᠠᠵᠢᠭᠤᠯᠤᠨ ᠠᠬᠢᠭᠤᠯᠬᠤ᠂ ᠡᠮᠴᠢᠯᠡᠭᠡᠨ ᠤ ᠪᠠᠲᠤᠯᠠᠭ᠎ᠠ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠠᠵᠢᠯᠯᠠᠭ᠎ᠠ ᠶᠢ ᠴᠢᠨᠠᠭᠰᠢᠲᠠ ᠵᠢᠷᠤᠮᠵᠢᠭᠤᠯᠤᠨ᠂ ᠡᠮᠴᠢᠯᠡᠬᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠠᠵᠢᠯᠯᠠᠭᠠᠨ ᠢ ᠪᠠᠲᠤᠯᠠᠬᠤ ᠬᠡᠷᠡᠭᠲᠠᠢ ᠬᠡᠵᠠᠢ᠃   ᠣᠶᠢᠯᠠᠭᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠯ ᠨᠢ ᠨᠢᠭᠡ ᠪᠦᠯᠦᠭ ᠳᠡᠭᠡᠳᠦ ᠲᠠᠰ ᠳᠠᠪᠬᠤᠷᠭ᠎ᠠ ᠶᠢᠨ ᠥᠨᠳᠥᠷ ᠬᠡᠪ ᠴᠢᠨᠠᠷ ᠪᠥᠬᠦᠶ ᠡᠮᠴᠢᠯᠡᠬᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠰᠢᠯᠢᠳᠡᠭ ᠴᠢᠳᠠᠪᠤᠷᠢᠲᠠᠨ ᠢ ᠬᠥᠮᠦᠵᠢᠭᠦᠯᠵᠦ᠂ ᠡᠮᠴᠢᠯᠡᠬᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠵᠦ᠂ ᠭᠠᠷᠲᠠᠨ ᠭᠦᠢᠴᠡᠳᠭᠡᠬᠦ ᠬᠦᠷᠢᠶᠡᠨ ᠤ ᠵᠢᠷᠤᠮᠵᠢᠭᠰᠠᠨ ᠨᠠᠷᠢᠯᠢᠬᠵᠢᠭᠤᠯᠤᠭᠰᠠᠨ ᠵᠠᠰᠠᠯᠲᠠ ᠶᠢ ᠴᠢᠩᠭᠠᠳᠬᠠᠵᠤ᠂ ᠭᠠᠷᠲᠠᠨ ᠭᠦᠢᠴᠡᠳᠭᠡᠬᠦ ᠬᠠᠮᠢᠶᠠᠷᠤᠯᠲᠠ ᠶᠢᠨ ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠬᠤ ᠶᠢ ᠵᠤᠷᠢᠪᠠ᠃ᠣᠶᠢᠷ᠎ᠠ ᠶᠢᠨ ᠵᠢᠯ ᠳᠤ᠂ ᠦᠪᠤᠷ ᠮᠤᠩᠭᠤᠯ ᠪᠥᠬᠦ ᠤᠯᠤᠰ ᠤᠨ ᠡᠮᠴᠢᠯᠡᠬᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢ ᠰᠢᠯᠵᠢᠭᠦᠯᠬᠦ ᠪᠠᠷ ᠳᠠᠮᠵᠢᠭᠤᠯᠤᠨ᠂ ᠡᠮᠴᠢᠯᠡᠬᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠡᠮᠴᠢᠯᠡᠬᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠠᠵᠢᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠵᠡᠶ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠴᠠᠩ ᠴᠢᠩ᠄ ︽ᠪᠢᠳᠡ ᠲᠣᠰ ᠤᠳᠠᠭ᠎ᠠ ᠶᠢᠨ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠲᠡᠷᠢᠭᠦᠨ ᠤ ᠬᠢ ᠠᠴᠠ ᠰᠤᠷᠤᠯᠴᠠᠵᠤ᠂ ᠲᠡᠷᠢᠭᠦᠨ ᠤ ᠬᠢ ᠲᠠᠢ ᠬᠠᠷᠢᠴᠠᠭᠤᠯᠵᠤ᠂ ᠨᠠᠩ ᠥᠷᠭᠡᠨ ᠬᠠᠷᠠᠭᠠᠰᠤ᠂ ᠨᠠᠩ ᠶᠡᠭᠡ ᠡᠷᠴᠢᠮ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠮᠠᠨ ᠤ ᠤᠷᠤᠨ ᠤ ᠡᠮᠴᠢᠯᠡᠭᠡᠨ ᠤ ᠪᠠᠲᠤᠯᠠᠭ᠎ᠠ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠲᠤᠨ᠎ᠠ︾ ᠬᠡᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号