7 ᠰᠠᠷ᠎ᠠ ᠶᠢᠨ ᠰᠡᠬᠦᠯᠴᠢ ᠪᠤᠯᠳᠡᠯ᠎ᠡ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠠᠴᠠ | ᠡᠨᠡ ᠵᠢᠯ ︵ᠰᠢᠨ᠎ᠡ ᠪᠠᠷ ᠨᠡᠮᠡᠭᠳᠡᠭᠦᠯᠦᠭᠰᠡᠨ︶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠬᠦ 1.6 ᠳ᠋ᠦᠩᠰᠢᠭᠤᠷ ᠲᠥᠭᠦᠷᠢᠭ ᠤᠨ ᠲᠤᠰᠬᠠᠢ ᠪᠡᠯᠡ ᠮᠥᠩᠭᠦ ᠪᠠᠭᠤᠯᠭᠠᠵᠤ᠂ 170 ᠰᠤᠮᠤ ᠰᠢᠶᠠᠩ | ᠪᠠᠯᠭᠠᠰᠤ ᠶᠢᠨ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ 1500 | ᠲᠣᠰᠬᠤᠨ ᠤ ᠲᠡᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠶᠢ ᠰᠢᠨ᠎ᠡ ᠪᠠᠷ ᠪᠠᠶᠢᠭᠤᠯᠬᠤ ᠪᠠ | ᠥᠭᠡᠷᠡᠴᠢᠯᠡᠨ ᠪᠠᠶᠢᠭᠤᠯᠬᠤ ᠵᠢᠴᠢ 200 ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠢᠷᠭᠠᠯᠡᠩᠳᠤ | ᠬᠦᠷᠢᠶᠡᠯᠡᠩ ᠤᠨ ᠦᠢᠯᠡᠴᠢᠯᠡᠭᠡᠨ ᠤ ᠴᠢᠳᠠᠪᠬᠢ ᠶᠢ ᠳᠡᠭᠡᠭᠰᠢᠯᠡᠭᠦᠯᠬᠦ ᠶᠢ ᠲᠡᠮᠵᠢᠪᠡ᠃ | ᠬᠥᠮᠦᠨ ᠠᠮᠠ ᠶᠢᠨ ᠨᠠᠰᠤᠵᠢᠯᠳᠡ ᠶᠢ ᠢᠳᠡᠪᠬᠢᠲᠡᠶ ᠠᠷᠭᠠᠴᠠᠵᠤ᠂ ᠴᠢᠨᠠᠷ ᠰᠠᠶᠢᠲᠠᠶ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠳᠤᠲᠠᠭᠤᠳᠠᠯ ᠢ ᠲᠦᠷᠭᠡᠳᠭᠡᠨ ᠨᠥᠬᠦᠪᠥᠷᠢᠯᠡᠬᠦ ᠶᠢᠨ ᠲᠦᠯᠦᠬᠡ᠂ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠤᠨ ᠬᠢᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠲᠠᠢ | ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︵ᠲᠤᠤᠷ᠎ᠠ ︽ | ᠠᠷᠭ᠎ᠠ︾ ᠭᠡᠵᠤ ᠲᠦᠬᠦᠮᠴᠢᠯᠡᠨ᠎ᠠ︶ ᠢᠢ ᠲᠣᠭᠲᠠᠭᠠᠪᠠ᠃ ︽ᠠᠷᠭ᠎ᠠ︾ ᠳᠤ ᠬᠤᠰᠢᠭᠤ ᠰᠢᠶᠠᠨ ᠤ ᠱᠠᠲᠤᠨ ᠤ | ᠰᠢᠶᠠᠩ ᠪᠠᠯᠭᠠᠰᠤ ᠶᠢᠨ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ | ᠲᠥᠪ ᠤᠨ ᠪᠥᠲᠥᠭᠡᠨ ᠪᠠᠶᠢᠭᠤᠯᠤᠯᠲᠠ ᠶᠢᠨ ᠨᠥᠬᠦᠪᠥᠷᠢ ᠶᠢᠨ ᠪᠠᠷᠢᠮᠵᠢᠶ᠎ᠠ ᠨᠢ ᠰᠢᠨ᠎ᠡ ᠪᠠᠷ ᠪᠠᠶᠢᠭᠤᠯᠤᠭᠰᠠᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠪ ᠤᠨ ᠪᠠᠷᠢᠯᠭ᠎ᠠ ᠶᠢᠨ ᠲᠠᠯᠠᠪᠠᠶ ᠨᠢ | 1500 ᠲᠡᠭᠰᠢ ᠳᠥᠷᠪᠡᠯᠵᠢᠨ ᠮᠧᠲᠷ ︵ᠪᠠᠭᠲᠠᠨ᠎ᠠ︶ ᠠᠴᠠ ᠲᠠᠪᠠᠪᠠᠯ 300 ᠲᠦᠮᠡᠨ ᠲᠥᠭᠦᠷᠢᠭ ᠨᠥᠬᠦᠪᠥᠷᠢᠯᠡᠨ᠎ᠡ︔ | ᠥᠭᠡᠷᠡᠴᠢᠯᠡᠵᠦ ᠥᠷᠭᠡᠳᠭᠡᠨ ᠪᠠᠶᠢᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠢᠱᠢᠶ᠎ᠡ | ᠦᠵᠡᠭᠦᠯᠬᠦ ᠲᠥᠪ ᠤᠨ ᠪᠠᠷᠢᠯᠭ᠎ᠠ ᠶᠢᠨ ᠲᠠᠯᠠᠪᠠᠢ ᠨᠢ 1500 ᠲᠡᠭᠰᠢ ᠳᠥᠷᠪᠡᠯᠵᠢᠨ ᠮᠧᠲᠷ ︵ᠪᠠᠭᠲᠠᠨ᠎ᠠ︶ ᠠᠴᠠ | ᠳᠣᠣᠷ᠎ᠠ ᠦᠭᠡᠢ ᠪᠠᠶᠢᠪᠠᠯ 150 ᠲᠦᠮᠡᠨ ᠲᠥᠭᠦᠷᠢᠭ ᠨᠦᠬᠦᠪᠤᠷᠢᠯᠡᠨ᠎ᠡ᠃ ᠰᠢᠶᠠᠩ ᠪᠠᠯᠭᠠᠰᠤ ᠶᠢᠨ ᠣᠷᠣᠨ | ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢᠨ | ᠨᠥᠬᠦᠪᠥᠷᠢ ᠶᠢᠨ ᠪᠠᠷᠢᠮᠵᠢᠶ᠎ᠠ ᠨᠢ 1000 ᠲᠡᠭᠰᠢ ᠳᠥᠷᠪᠡᠯᠵᠢᠨ ᠮᠧᠲᠷ ᠵᠢᠴᠢ ᠲᠡᠭᠦᠨ ᠠᠴᠠ ᠳᠡᠭᠡᠭᠰᠢᠬᠢ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠬᠤ ︵ᠬᠤᠳᠠᠯᠳᠤᠨ ᠠᠪᠬᠤ︶ ᠳ᠋ᠤ᠋ | 60 ᠲᠦᠮᠡᠨ ᠲᠥᠭᠦᠷᠢᠭ ᠨᠥᠬᠦᠪᠥᠷᠢᠯᠡᠨ᠎ᠡ︔ 1000 ᠲᠡᠭᠰᠢ ᠳᠥᠷᠪᠡᠯᠵᠢᠨ ᠮᠧᠳ᠋ᠷ ᠠᠴᠠ ᠳᠣᠷᠣᠭᠰᠢ | ᠨᠠᠰᠤᠵᠢᠯ ᠤᠨ ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠬᠤ ︵ᠬᠤᠳᠠᠯᠳᠤᠨ ᠠᠪᠬᠤ︶ ᠳ᠋ᠤ᠋ 40 ᠲᠦᠮᠡᠨ | ᠲᠥᠭᠦᠷᠢᠭ ᠨᠦᠬᠦᠪᠤᠷᠢᠯᠡᠨ᠎ᠡ︔ 1000 ᠲᠡᠭᠰᠢ ᠳᠥᠷᠪᠡᠯᠵᠢᠨ ᠮᠧᠲᠷ ᠵᠢᠴᠢ ᠲᠡᠭᠦᠨ ᠠᠴᠠ ᠳᠡᠭᠡᠭᠰᠢᠬᠢ | ᠨᠠᠰᠤᠵᠢᠯ ᠤᠨ ᠦᠢᠯᠡᠴᠢᠯᠡᠭᠡᠨ ᠤ ᠲᠥᠪ ᠢ ᠥᠭᠡᠷᠡᠴᠢᠯᠡᠵᠦ ᠥᠷᠭᠡᠳᠭᠡᠨ ᠪᠠᠶᠢᠭᠤᠯᠵᠤ᠂ ᠨᠢᠭᠡ ᠶᠢ ᠥᠭᠡᠷᠡᠴᠢᠯᠡᠵᠦ | ᠥᠷᠭᠡᠳᠭᠡᠨ ᠪᠠᠶᠢᠭᠤᠯᠬᠤ ᠳᠤ 40 ᠲᠦᠮᠡᠨ ᠲᠥᠭᠦᠷᠢᠭ ᠨᠥᠬᠦᠪᠥᠷᠢᠯᠡᠨ᠎ᠡ︔ 1000 ᠲᠡᠭᠰᠢ ᠳᠥᠷᠪᠡᠯᠵᠢᠨ | ᠮᠧᠲᠷ ᠠᠴᠠ ᠳᠣᠷᠣᠭᠰᠢ ᠨᠠᠰᠤᠵᠢᠯ ᠤᠨ ᠦᠢᠯᠡᠴᠢᠯᠡᠭᠡᠨ ᠤ ᠲᠥᠪ ᠢ ᠥᠭᠡᠷᠡᠴᠢᠯᠡᠵᠦ ᠥᠷᠭᠡᠳᠭᠡᠨ ᠪᠠᠶᠢᠭᠤᠯᠬᠤ ᠳ᠋ᠤ᠋ | 20 ᠲᠦᠮᠡᠨ ᠲᠥᠭᠦᠷᠢᠭ ᠨᠥᠬᠦᠪᠥᠷᠢᠯᠡᠨ᠎ᠡ ᠬᠡᠵᠤ ᠲᠤᠭᠳᠠᠭᠠᠪᠠ᠃ ᠡᠭᠦᠨ ᠤ ᠬᠠᠮᠲᠤ᠂ ︽ᠠᠷᠭ᠎ᠠ︾ ᠳᠤ ᠪᠠᠰᠠ | ᠮᠠᠯᠵᠢᠬᠤ ᠲᠠᠷᠢᠶᠠᠯᠠᠬᠤ ᠣᠷᠣᠨ ᠤ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠵᠤᠯ ᠵᠢᠷᠭᠠᠯᠠᠩᠳᠤ | ᠬᠦᠷᠢᠶᠡᠯᠡᠩ ᠤᠨ ᠴᠢᠳᠠᠮᠵᠢ ᠶᠢ ᠥᠷᠭᠡᠳᠭᠡᠬᠦ ᠨᠥᠬᠦᠪᠥᠷᠢ ᠶᠢᠨ ᠪᠠᠷᠢᠮᠵᠢᠶ᠎ᠠ ᠶᠢ ᠲᠣᠳᠣᠷᠬᠠᠶᠢᠯᠠᠵᠤ᠂ ᠨᠢᠬᠡ | ᠬᠦᠷᠢᠶᠡᠯᠡᠩ ᠤᠨ ᠴᠢᠳᠠᠮᠵᠢ ᠶᠢ ᠥᠷᠭᠡᠳᠭᠡᠬᠦ ᠪᠦᠷᠢ 5 ᠲᠦᠮᠡᠨ ᠲᠥᠭᠦᠷᠢᠭ ᠨᠥᠬᠦᠪᠥᠷᠢᠯᠡᠨ᠎ᠡ ᠬᠡᠵᠤ ᠲᠤᠭᠳᠠᠭᠠᠪᠠ᠃ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠠᠯᠠ ᠮᠥᠩᠭᠦ ᠶᠢ ᠨᠡᠮᠡᠵᠦ | ᠪᠠᠭᠤᠯᠭᠠᠬᠤ ᠨᠢ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠤᠤᠷ ᠰᠦᠯᠵᠢᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠂ ᠮᠠᠯᠵᠢᠬᠤ ᠲᠠᠷᠢᠶᠠᠯᠠᠬᠤ ᠣᠷᠣᠨ ᠤ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠵᠦ᠂ 2025 ᠣᠨ | ᠪᠣᠯᠬᠤ ᠳᠤ ᠪᠥᠬᠦ ᠣᠷᠣᠨ ᠤ ᠰᠢᠶᠠᠩ ᠪᠠᠯᠭᠠᠰᠤ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ | ᠪᠦᠷᠬᠦᠴᠡ ᠶᠢᠨ ᠨᠣᠷᠮ᠎ᠠ ᠶᠢ 80% ᠠᠴᠠ ᠳᠤᠤᠷ᠎ᠠ ᠦᠯᠦ ᠪᠠᠶᠢᠯᠭᠠᠵᠤ᠂ ᠬᠥᠮᠦᠨ ᠠᠮᠠ ᠬᠠᠷᠢᠴᠠᠩᠭᠤᠶ | ᠲᠥᠪᠯᠡᠷᠡᠭᠰᠡᠨ ᠭᠠᠴᠠᠭ᠎ᠠ ᠲᠣᠰᠬᠤᠨ ᠳᠤ ᠨᠠᠭᠠᠳᠤ ᠵᠠᠬ᠎ᠠ ᠳᠠᠭᠠᠨ 1 ᠲᠣᠰᠬᠤᠨ ᠤ ᠱᠠᠲᠤᠨ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠴᠡᠭ ᠪᠠᠶᠢᠭᠤᠯᠬᠤ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠳᠤ ᠡᠳ᠋ ᠤᠨ | ᠬᠦᠴᠦᠨ ᠤ ᠪᠠᠲᠤᠯᠠᠭ᠎ᠠ ᠬᠠᠩᠭᠠᠬᠤ ᠪᠣᠯᠤᠨ᠎ᠠ᠃ | |